ᠶᠦᠩ ᠠᠨ ᠪᠠᠯᠭᠠᠰᠤ ︽ᠬᠠᠤᠯᠢ ᠲᠦᠭᠡᠮᠡᠯᠵᠢᠭᠦᠯᠬᠦ ᠦᠶᠯᠡᠴᠢᠯᠡᠭᠡ + ᠬᠠᠤᠯᠢ ᠪᠠᠷ ᠵᠠᠰᠠᠬᠤ︾ ᠬᠥᠳᠡᠭᠡ ᠲᠣᠰᠬᠤᠨ ᠳᠤ ᠬᠠᠤᠯᠢ ᠬᠦᠷᠭᠡᠬᠦ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/7
   ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠬᠦ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠳᠤ ᠰᠠᠨᠠᠭ᠎ᠠ ᠠᠮᠤᠷ᠂ ᠲᠠᠭᠠᠯᠠᠮᠵᠢᠲᠠᠶ᠂ ᠠᠮᠤᠷ ᠲᠦᠪᠰᠢᠨ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠬᠤ ᠶᠢᠨ ᠲᠥᠯᠥᠭᠡ᠂ 9 ᠰᠠᠷ᠎ᠠ ᠶᠢᠨ 4 ᠤ ᠡᠳᠦᠷ᠂ ᠶᠦᠩ ᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠰᠣᠶᠣᠯ ᠤᠨ ᠥᠷᠲᠡᠭᠡ ᠠᠴᠠ ᠲᠦᠴᠢᠦᠸᠠᠨ ᠰᠢᠶᠠᠨ ᠤ ᠤᠷᠠᠯᠢᠭ ᠤᠨ ᠵᠡᠭᠦᠳᠦ ᠤᠯᠠᠭᠠᠨᠮᠥ᠋ᠴᠢᠷ ᠢ ᠶᠦᠩ ᠠᠨ ᠪᠠᠯᠭᠠᠰᠤᠨ ᠤ ᠶᠦᠩ ᠠᠨ ᠲᠣᠰᠬᠤᠨ ᠳᠤ ᠤᠷᠢᠵᠤ ︽ᠬᠠᠤᠯᠢ ᠲᠦᠭᠡᠮᠡᠯᠵᠢᠭᠦᠯᠬᠦ ᠦᠶᠯᠡᠴᠢᠯᠡᠭᠡ + ᠬᠠᠤᠯᠢ ᠪᠠᠷ ᠵᠠᠰᠠᠬᠤ︾ ᠬᠥᠳᠡᠭᠡ ᠲᠣᠰᠬᠤᠨ ᠳᠤ ᠬᠠᠤᠯᠢ ᠬᠦᠷᠭᠡᠬᠦ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃
   ︽ᠤᠯᠠᠭᠠᠨ ᠨᠠᠷᠠ ᠳᠣᠷᠣᠨ᠎ᠠ ᠵᠦᠭ ᠠᠴᠠ ᠮᠠᠨᠳᠤᠵᠦ᠂ ᠳᠠᠷᠳᠠᠩ ᠵᠠᠮ ᠲᠤᠶᠠᠭ᠎ᠠ ᠰᠠᠴᠤᠷᠠᠨ᠎ᠠ……︾ ᠰᠢᠶᠠᠨ  ᠤ ᠤᠯᠠᠭᠠᠨᠮᠥ᠋ᠴᠢᠷ ᠤᠨ ᠲᠣᠭᠯᠠᠭᠴᠢᠳ ᠤᠯᠠᠭᠠᠨ ᠪᠠᠩᠵᠠᠯ ᠢᠶᠠᠨ ᠳᠡᠪᠬᠡᠷᠦᠨ᠂ ᠬᠦᠳᠡᠯᠦᠯ ᠪᠠᠷᠢᠯ ᠤᠨ ᠲᠤᠮᠳᠠ ᠠᠮᠤᠷ ᠲᠠᠶᠢᠪᠤᠩ ᠪᠠᠶᠢᠳᠠᠯ ᠢᠶᠠᠷ ᠲᠦᠭᠦᠷᠡᠩ᠃ ᠶᠦᠩ ᠠᠨ ᠲᠣᠰᠬᠤᠨ ᠤ ᠠᠭᠤᠳᠠᠮ ᠲᠠᠯᠠᠪᠠᠢ ᠶᠢᠨ ᠪᠥᠵᠢᠭ ᠤᠨ ᠠᠩᠭᠢ ᠵᠠᠯᠭᠠᠭ᠎ᠠ ᠪᠠᠷ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾᠂ ︽ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠵᠡᠷᠭᠡ ᠪᠥᠵᠢᠭ ᠤᠨ ᠲᠣᠭᠯᠠᠯᠲᠠ ᠭᠠᠷᠭᠠᠵᠤ᠂ ᠡᠬᠡ ᠤᠯᠤᠰ ᠤᠨ ᠮᠡᠨᠳᠦᠯᠡᠭᠰᠡᠨ 75 ᠵᠢᠯ ᠤᠨ ᠤᠢ ᠶᠢᠨ ᠲᠠᠰᠢᠷᠠᠮ ᠢᠶᠠᠷ᠂ ᠶᠦᠩ ᠠᠨ ᠲᠣᠰᠬᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠡᠬᠡ ᠤᠯᠤᠰ ᠤᠨ ᠬᠥᠭᠵᠢᠯ ᠴᠡᠴᠡᠭᠯᠡᠯ ᠢ ᠵᠥᠩᠨᠡᠵᠦ᠂ ᠬᠥᠳᠡᠭᠡ ᠲᠣᠰᠬᠤᠨ ᠤ ᠬᠥᠭᠵᠢᠯᠲᠡ ᠤᠯᠠᠮ ᠠᠴᠠ ᠤᠯᠠᠮ ᠰᠠᠶᠢᠨ ᠪᠣᠯᠬᠤ ᠶᠢ ᠵᠥᠩᠨᠡᠪᠡ᠃ ᠪᠥᠵᠢᠭ᠂ ᠭᠤᠴᠣᠯᠠᠯ ᠳᠠᠭᠤᠤ᠂ ᠡᠯ᠎ᠡ ᠵᠦᠶᠯ ᠤᠨ ᠲᠣᠭᠯᠠᠯᠲᠠ ᠭᠤᠶᠢᠳᠠ ᠰᠠᠶᠢᠬᠠᠨ ᠪᠠᠶᠢᠵᠤ᠂ ᠴᠥᠭᠡᠨ ᠪᠤᠰᠤ ᠣᠯᠠᠨ ᠲᠦᠮᠡᠨ ᠬᠥᠯ ᠵᠣᠭᠰᠣᠨ ᠰᠣᠨᠢᠷᠬᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠠᠯᠠᠭ᠎ᠠ ᠲᠡᠰᠢᠯᠲᠡ ᠶᠢᠨ ᠲᠠᠭᠤᠨ ᠲᠠᠰᠤᠷᠠᠬᠤ ᠥᠬᠡᠶ ᠪᠠᠶᠢᠯ᠎ᠠ᠃ ᠡᠭᠦᠨ ᠤ ᠬᠠᠮᠲᠤ᠂ ᠶᠦᠩ ᠠᠨ ᠬᠠᠤᠯᠢ ᠴᠠᠭᠠᠵᠠ  ᠶᠢᠨ ᠭᠠᠵᠠᠷ ᠲᠤ ᠬᠠᠤᠯᠢ ᠴᠠᠭᠠᠵᠠ ᠶᠢᠨ ᠦᠶᠯᠡᠴᠢᠯᠡᠭᠡᠨ ᠤ ᠨᠡᠭᠦᠳᠡᠯ ᠥᠷᠲᠡᠭᠡ ᠪᠠᠶᠢᠭᠤᠯᠵᠤ᠂ ᠬᠠᠤᠯᠢ ᠴᠠᠭᠠᠵᠠ  ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠲᠠᠨ ᠣᠯᠠᠨ ᠲᠦᠮᠡᠨ ᠳᠤ ᠤᠶᠢᠯᠠᠭᠠᠮᠵᠢᠳᠠᠢ ᠦᠭᠡ ᠬᠡᠯᠡ ᠪᠠᠷ ᠲᠤᠬᠠᠶ ᠶᠢᠨ ᠲᠠᠯᠠᠪᠤᠷ ᠤᠨ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠨᠢ ᠪᠠᠲᠤ ᠪᠣᠶ ᠪᠣᠯᠭᠠᠵᠤ᠂ ᠵᠥᠷᠢᠴᠡᠯ ᠵᠢᠭᠤᠷᠠᠯᠳᠤᠭᠠᠨ ᠡᠭᠦᠰᠬᠦ ᠦᠶ᠎ᠡ ᠳᠤ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠲᠣᠰ ᠪᠡᠶ᠎ᠡ  ᠶᠢᠨ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠶᠢ ᠬᠦᠳᠦᠯᠦᠨ ᠵᠢᠯᠤᠭᠤᠳᠤᠨ᠎ᠠ᠃ ᠲᠠᠷᠠᠭ᠎ᠠ ᠨᠢ ᠰᠠᠶᠢᠨ ᠲᠤᠷᠠᠴᠤᠳ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ︽ᠴᠡᠷᠢᠭ ᠤᠨ ᠶᠠᠪᠤᠳᠠᠯ ᠤᠨ ᠲᠤᠨᠤᠭ ᠲᠥᠬᠦᠭᠡᠷᠦᠮᠵᠢ ᠶᠢ ᠬᠠᠮᠠᠭᠠᠯᠠᠬᠤ ᠬᠠᠤᠯᠢ︾᠂ ︽ᠴᠡᠷᠢᠭ ᠤᠨ ᠠᠯᠪᠠᠨ ᠤ ᠬᠠᠤᠯᠢ︾ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ︽ᠢᠷᠭᠡᠨ ᠤ ᠬᠠᠤᠯᠢ ᠶᠢᠨ ᠪᠢᠴᠢᠭ ᠢ ᠬᠥᠳᠡᠭᠡ ᠲᠣᠰᠬᠤᠨ ᠳᠤ ᠬᠦᠷᠭᠡᠬᠦ︾᠂ ︽ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠮᠡᠳᠡᠯᠭᠡ︾ ᠵᠡᠷᠭᠡ 460 ᠭᠠᠷᠤᠢ ᠬᠤᠪᠢ ᠬᠠᠤᠯᠢ ᠴᠠᠭᠠᠵᠠ ᠶᠢᠨ ᠨᠣᠮ ᠪᠢᠴᠢᠭ ᠲᠠᠷᠬᠠᠭᠠᠵᠤ᠂ 670 ᠭᠠᠷᠤᠢ ᠬᠥᠮᠦᠨ ᠳᠤ ᠠᠰᠢᠭ ᠬᠦᠷᠲᠡᠭᠡᠪᠡ᠃
   ᠶᠦᠩ ᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠢᠮᠠᠭᠲᠠ ᠬᠠᠤᠯᠢ ᠲᠦᠭᠡᠮᠡᠯᠵᠢᠭᠦᠯᠬᠦ ᠠᠷᠠᠳ ᠲᠤ ᠠᠰᠢᠭ ᠬᠦᠷᠲᠡᠭᠡᠬᠦ ᠨᠢᠭᠡᠳᠦᠭᠡᠷ ᠹᠷᠣᠨᠲ ᠲᠤ ᠶᠠᠪᠤᠵᠤ᠂ ᠬᠠᠤᠯᠢ ᠪᠠᠷ ᠵᠠᠰᠠᠬᠤ ᠶᠢ ᠬᠥᠳᠡᠭᠡ ᠲᠣᠰᠬᠤᠨ ᠳᠤ ᠣᠷᠣᠭᠤᠯᠬᠤ᠂ ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ᠂ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠣᠯᠠᠨ ᠵᠦᠶᠯ ᠤᠨ ᠠᠵᠢᠯᠯᠠᠭ᠎ᠠ ᠪᠠᠷ ᠳᠠᠮᠵᠢᠭᠤᠯᠤᠨ ᠦᠨᠳᠦᠰᠦᠨ ᠱᠠᠲᠤᠨ ᠤ ᠣᠯᠠᠨ ᠲᠦᠮᠡᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠤ ᠰᠡᠵᠢᠭᠯᠡᠯ ᠳᠤ ᠬᠠᠷᠢᠭᠤᠯᠲᠠ ᠥᠭᠴᠦ᠂ ᠬᠠᠨᠳᠤᠯᠭᠠᠲᠤ ᠴᠢᠨᠠᠷᠲᠠᠶ ᠪᠠᠷ ᠣᠯᠠᠨ ᠲᠦᠮᠡᠨ ᠳᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠰᠠᠨᠠᠯ ᠬᠠᠩᠭᠠᠪᠠ︔ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠬᠢᠵᠦ᠂ ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠵᠡᠷᠭᠡ ᠠᠵᠢᠯ ᠢ ᠥᠷᠨᠢᠭᠦᠯᠵᠦ᠂ ᠲᠣᠰᠬᠤᠨ ᠤ ᠠᠷᠠᠳ ᠤᠨ ᠬᠤᠭᠤᠷᠣᠨᠳᠣ ᠭᠠᠷᠤᠭᠰᠠᠨ ᠵᠥᠷᠢᠴᠡᠯ ᠳᠤ ᠴᠠᠭ ᠲᠤᠬᠠᠶ ᠳᠤᠨᠢ ᠣᠷᠣᠯᠴᠠᠨ ᠪᠠᠶᠢᠴᠠᠭᠠᠯᠲᠠ ᠬᠢᠵᠦ᠂ ᠵᠥᠷᠢᠴᠡᠯ ᠢ ᠰᠢᠶᠳᠪᠦᠷᠢᠯᠡᠬᠦ ᠠᠷᠭ᠎ᠠ ᠪᠣᠯᠤᠨ ᠬᠠᠤᠯᠢ ᠴᠠᠭᠠᠵᠠ ᠶᠢᠨ ᠰᠠᠨᠠᠭᠤᠯᠭ᠎ᠠ ᠳᠤᠷᠠᠳᠴᠤ᠂ ᠲᠤᠬᠠᠢ ᠶᠢᠨ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ᠵᠥᠷᠢᠴᠡᠯ ᠠᠰᠠᠭᠤᠳᠠᠯ ᠢ ᠬᠠᠤᠯᠢ ᠶᠣᠰᠣᠭᠠᠷ ᠰᠢᠶᠳᠪᠦᠷᠢᠯᠡᠭᠦᠯᠬᠦ ᠶᠢᠨ ᠤᠯᠠᠮ ᠠᠴᠠ ᠲᠣᠭᠲᠠᠭᠤᠨ ᠪᠤᠰᠤ ᠬᠡᠷᠡᠭ ᠭᠠᠷᠬᠤ ᠶᠢ ᠡᠷᠡᠰ ᠬᠤᠷᠢᠭᠯᠠᠨ᠎ᠠ᠃ ᠣᠳᠣᠬᠠᠨ ᠪᠣᠯᠲᠠᠯ᠎ᠠ᠂ ᠶᠦᠩ ᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠡᠯ᠎ᠡ ᠲᠥᠷᠥᠯ ᠤᠨ ᠬᠠᠤᠯᠢᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠲᠡ 17 ᠤᠳᠠᠭ᠎ᠠ ᠥᠷᠨᠢᠭᠦᠯᠵᠦ᠂ 3000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 2500 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ 13 ᠬᠤᠪᠢ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号