ᠲᠦᠴᠢᠦᠸᠠᠨ ᠰᠢᠶᠠᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2024/9/7
   9 ᠰᠠᠷ᠎ᠠ ᠶᠢᠨ 3 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠠᠴᠠ ᠬᠠᠮᠲᠤᠷᠠᠨ ᠭᠤᠤᠯᠯᠠᠨ ᠡᠷᠭᠢᠯᠡᠵᠦ᠂ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ᠲᠦᠴᠢᠦᠸᠠᠨ ᠰᠢᠶᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ‌ᠮᠢᠨ ᠵᠣ᠋ ᠨᠡᠶᠢᠭᠡᠮ ᠲᠣᠭᠤᠷᠢᠭ ᠲᠤ ᠶᠠᠪᠤᠭᠳᠠᠵᠤ᠂ ᠪᠥᠬᠦ ᠰᠢᠶᠠᠨ ᠤ ᠶᠢᠰᠦᠨ ᠰᠢᠶᠠᠩ ᠪᠠᠯᠭᠠᠰᠤ᠂ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠪᠤᠰᠤᠳ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠡᠶᠢᠲᠡ 23 ᠤᠷᠤᠯᠴᠠᠭᠰᠠᠳ ᠤᠬᠠᠭᠤᠯᠤᠨ ᠲᠠᠶᠢᠯᠪᠤᠷᠢᠯᠠᠬᠤ ᠲᠤᠬᠠᠶ ᠶᠢᠨ ᠲᠠᠯᠠᠪᠠᠶ  ᠳᠤ ᠬᠥᠮᠦᠨ ᠤ ᠰᠡᠳᠬᠢᠯ ᠢ ᠬᠥᠳᠡᠯᠭᠡᠮ᠎ᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠥᠯᠢᠭᠡᠷ ᠢ ᠳᠡᠯᠭᠡᠨ ᠦᠵᠡᠭᠦᠯᠵᠡᠶ᠃
   ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠤᠷᠤᠯᠴᠠᠭᠰᠠᠳ ᠠᠵᠢᠯ ᠲᠥᠷᠥᠯ ᠤᠨ ᠰᠢᠨᠵᠢ ᠴᠢᠨᠠᠷ᠂ ᠠᠵᠢᠯ  ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠵᠢᠴᠢ ᠥᠪᠡᠷ ᠤᠨ ᠥᠩᠭᠡᠷᠡᠯᠲᠡ ᠪᠠ ᠲᠥᠷᠥᠭᠳᠡᠯ ᠲᠠᠢ ᠪᠠᠨ ᠤᠶᠠᠯᠳᠤᠭᠤᠯᠤᠨ᠂ ᠪᠠᠭ᠎ᠠ ᠲᠠᠯ᠎ᠠ ᠠᠴᠠ ᠶᠡᠭᠡ ᠭᠤᠣᠯ ᠰᠡᠳᠦᠪ ᠢ ᠢᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶ ᠲᠠᠶᠢᠯᠪᠤᠷᠢᠯᠠᠵᠤ᠂ ᠵᠠᠷᠢᠮ ᠨᠢ ᠦᠷᠡᠭᠳᠡᠭᠰᠡᠨ ᠪᠠᠭᠠᠲᠤᠷᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠳᠤ ᠰᠡᠳᠬᠢᠯ ᠵᠢᠷᠦᠬᠡ ᠪᠠᠨ ᠬᠤᠯᠪᠣᠵᠤ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ ᠪᠡᠶ᠎ᠡ ᠪᠠᠨ ᠵᠣᠷᠢᠭᠤᠯᠤᠭᠰᠠᠨ ᠪᠠᠭᠠᠲᠤᠷᠯᠢᠭ ᠦᠢᠯᠡ ᠠᠵᠢᠯᠯᠠᠭ᠎ᠠ ᠶᠢ ᠶᠠᠷᠢᠵᠤ᠂ ᠵᠠᠷᠢᠮ ᠨᠢ ᠴᠡᠷᠢᠭ ᠤᠨ ᠬᠥᠮᠦᠨ ᠤ ᠭᠡᠷ ᠪᠦᠯᠢ ᠪᠠᠨ ᠦᠷᠡᠭᠳᠡᠭᠦᠯᠵᠦ ᠣᠯᠠᠨ ᠢ ᠬᠠᠷᠠᠭᠠᠯᠵᠠᠭᠰᠠᠨ᠂ ᠬᠠᠷᠠᠮ ᠦᠭᠡᠢ ᠵᠣᠷᠢᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠤ᠂ ᠡᠬᠡ ᠣᠷᠣᠨᠴᠢ ᠰᠡᠳᠬᠢᠯᠭᠡ ᠪᠠᠨ ᠭᠦᠢᠴᠡᠳ ᠢᠯᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠᠨ ᠲᠣᠳᠣᠷᠬᠠᠶᠢᠯᠠᠨ ᠥᠭᠦᠯᠡᠵᠦ ᠪᠠᠶᠢᠨ᠎ᠠ᠃
   ᠤᠷᠤᠯᠳᠤᠭᠤᠨ ᠳᠤ ᠣᠷᠣᠯᠴᠠᠭᠰᠠᠨ ᠲᠠᠮᠢᠷᠴᠢᠨ ᠯᠢᠦ ᠴᠢ᠄ ︽ᠡᠨᠡ ᠤᠳᠠᠭᠠᠨ ᠤ ᠤᠷᠤᠯᠳᠤᠭᠠᠨ ᠨᠢ ᠵᠥᠪᠬᠡᠨ ᠨᠢᠭᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠲᠡᠳᠦᠶ ᠪᠢᠰᠢ᠂ ᠨᠠᠩ ᠴᠤ ᠨᠢᠭᠡ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠ ᠤᠯᠤᠰ ᠢᠶᠠᠨ ᠬᠠᠶᠢᠷᠠᠯᠠᠬᠤ ᠬᠥᠮᠦᠵᠢᠯ ᠪᠣᠯᠤᠨ᠎ᠠ᠃ ᠤᠷᠤᠯᠳᠤᠭᠠᠨ ᠳᠤ ᠪᠡᠯᠡᠳᠬᠡᠬᠦ ᠶᠠᠪᠤᠴᠠ ᠳᠤ᠂ ᠲᠦᠴᠢᠦᠸᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠠᠷᠠᠳ ᠤᠨ ᠴᠡᠷᠢᠭ ᠠᠩᠭᠢ ᠶᠢᠨ ᠠᠭᠤᠤ ᠶᠡᠭᠡ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠢ ᠨᠡᠩ ᠢᠯᠡᠭᠦᠦ ᠣᠶᠢᠯᠠᠭᠠᠵᠤ ᠪᠣᠯᠤᠨ᠎ᠠ᠃ ᠣᠲᠣ ᠪᠣᠯ ᠶᠠᠭ ᠳᠣᠤᠷ᠎ᠠ ᠬᠠᠭᠠᠰ ᠵᠢᠯ ᠤᠨ ᠴᠡᠷᠢᠭ ᠡᠯᠰᠡᠵᠦ ᠴᠡᠷᠢᠭ ᠲᠤ ᠣᠷᠣᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠪᠢᠳᠡ ᠡᠷᠬᠡᠪᠰᠢ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠶ︾ ᠭᠡᠵᠡᠢ᠃
   ᠤᠷᠤᠯᠳᠤᠭᠠᠨ ᠤ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠠᠭᠤᠯᠭ᠎ᠠ ᠨᠢ ᠬᠥᠮᠦᠰ ᠢ ᠵᠣᠷᠢᠭᠵᠢᠭᠤᠯᠤᠨ᠎ᠠ᠃ ᠤᠷᠤᠯᠳᠤᠭᠠᠨ ᠳᠤ ᠣᠷᠣᠯᠴᠠᠭᠰᠠᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠤ᠂ ᠭᠤᠶᠢᠳᠠ ᠰᠠᠶᠢᠬᠠᠨ ᠶᠠᠷᠢᠶ᠎ᠠ ᠢᠯᠡᠳᠬᠡᠯ ᠢᠶᠠᠷ ᠢᠶᠠᠨ ᠲᠤᠬᠠᠢ  ᠶᠢᠨ ᠲᠠᠯᠠᠪᠠᠢ ᠶᠢᠨ ᠬᠠᠯᠠᠭᠤᠨ ᠠᠯᠠᠭ᠎ᠠ ᠲᠠᠰᠢᠯᠳᠠ ᠶᠢ ᠣᠯᠵᠠᠢ᠃ ᠰᠢᠷᠦᠭᠦᠨ ᠮᠥᠷᠥᠶᠢᠴᠡᠭᠡᠨ ᠢᠶᠠᠷ ᠨᠢᠭᠡᠳᠦᠭᠡᠷ ᠳᠡᠰ  ᠤᠨ ᠱᠠᠩᠨᠠᠯ ᠨᠢᠭᠡ᠂ ᠬᠤᠶᠠᠳᠤᠭᠠᠷ ᠳᠡᠰ ᠤᠨ ᠱᠠᠩᠨᠠᠯ ᠬᠤᠶᠠᠷ᠂ ᠭᠤᠷᠪᠠᠳᠤᠭᠠᠷ ᠳᠡᠰ ᠤᠨ ᠱᠠᠩᠨᠠᠯ ᠭᠤᠷᠪᠠ᠂ ᠰᠢᠯᠢᠳᠡᠭ ᠱᠠᠩᠨᠠᠯ ᠳᠥᠷᠪᠡ ᠶᠢ ᠰᠢᠯᠭᠠᠷᠠᠭᠤᠯᠪᠠ᠃
   ︽ᠲᠤᠰ ᠤᠳᠠᠭᠠᠨ ᠤ ᠤᠷᠤᠯᠳᠤᠭᠠᠨ ᠨᠢ ᠨᠢᠭᠡ ᠤᠳᠠᠭᠠᠨ ᠤ ᠠᠮᠵᠢᠯᠲᠠ ᠲᠠᠢ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠨᠠᠩ ᠴᠤ ᠦᠭᠡ ᠬᠡᠯᠡᠨ ᠤ ᠦᠪᠡᠳᠡᠭᠰᠢ ᠳᠠᠶᠢᠯᠠᠯᠭ᠎ᠠ ᠪᠠ ᠣᠶᠤᠨ ᠰᠠᠨᠠᠭᠠᠨ ᠤ ᠤᠬᠢᠶᠠᠯ ᠪᠣᠯᠤᠨ᠎ᠠ᠃ ᠵᠠᠯᠭᠠᠭᠠᠳ ᠪᠢᠳᠡ ᠲᠤᠰ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠢᠳᠡᠪᠬᠢᠲᠡᠢ ᠵᠣᠬᠢᠶᠠᠨ ᠪᠠᠶᠢᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠮᠡᠳᠡᠯᠭᠡ ᠶᠢ ᠭᠦᠨᠵᠡᠭᠡᠢ ᠰᠤᠷᠤᠯᠴᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠤᠬᠠᠮᠰᠠᠷ ᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠣᠷᠣᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃︾ ᠭᠡᠵᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ ᠤᠨ ᠤᠬᠠᠭᠤᠯᠭ᠎ᠠ ᠬᠥᠮᠦᠵᠢᠯ ᠤᠨ ᠲᠠᠰᠤᠭ ᠤᠨ ᠳᠠᠷᠤᠭ᠎ᠠ ᠥ᠋ ᠽᠧ ᠪᠢᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号