ᠯᠢᠦ ᠬᠣ᠋ ᠪᠠᠯᠭᠠᠰᠤ ᠤᠷᠠᠨ ᠰᠠᠶᠢᠬᠠᠨ ᠤ ᠲᠣᠭᠯᠠᠯᠲᠠ ᠨᠢ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ  ᠳᠤ ᠬᠡᠷᠡᠯ ᠭᠢᠯᠪᠠᠭ᠎ᠠ ᠨᠡᠮᠡᠷᠢᠯᠡᠪᠡ
ᠨᠡᠶᠢᠲᠡᠯᠡᠭᠰᠡᠨ ᠴᠠᠭ᠄
2024/9/8
   ᠤᠢᠢᠷ᠎ᠠ ᠳᠤ᠂ ᠲᠦᠴᠢᠦᠸᠠᠨ ᠰᠢᠶᠠᠨ ᠤ ᠯᠢᠦ ᠬᠣ᠋ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠭᠰᠠᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠲᠠᠪᠤᠨ ᠨᠢᠭᠡ︾ ᠤᠯᠠᠨ ᠲᠦᠮᠡᠨ ᠤ ᠠᠵᠢᠯ ᠤᠨ ᠠᠷᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠢᠶᠠᠨ ᠤ ᠤᠯᠠᠭᠠᠨᠮᠥ᠋ᠴᠢᠷ᠂ ᠤᠷᠠᠯᠢᠭ ᠤᠨ ᠵᠡᠭᠦᠳᠦ ᠤᠯᠠᠭᠠᠨᠮᠥ᠋ᠴᠢᠷ ᠢ ᠤᠷᠢᠵᠤ ᠲᠣᠰᠬᠤᠨ ᠳᠤ ᠣᠴᠢᠭᠤᠯᠤᠨ ᠤᠷᠠᠨ ᠰᠠᠶᠢᠬᠠᠨ ᠤ ᠲᠣᠭᠯᠠᠯᠲᠠ ᠭᠠᠷᠭᠠᠭᠤᠯᠵᠤ᠂ ᠰᠣᠶᠣᠯ ᠤᠨ ︽ᠡᠬᠢ ᠡᠭᠦᠰᠦᠯ︾ ᠢ ᠲᠠᠷᠢᠶᠠᠴᠢᠨ ᠲᠦᠮᠡᠨ ᠤ ︽ᠲᠠᠷᠢᠶᠠᠨ ᠭᠠᠵᠠᠷ︾ ᠲᠤ ᠤᠷᠤᠰᠬᠠᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠪᠣᠯᠤᠨ ᠬᠥᠳᠡᠭᠡ ᠲᠣᠰᠬᠤᠨ ᠤ ᠰᠣᠶᠣᠯ ᠤᠨ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠴᠢᠩᠭᠠᠳᠬᠠᠪᠠ᠃
   ︽ᠭᠡᠷ ᠤᠨ ᠡᠭᠦᠳᠡᠨ ᠳᠤ ᠡᠶᠢᠮᠦ ᠰᠠᠶᠢᠬᠠᠨ ᠤ ᠲᠣᠭᠯᠠᠯᠲᠠ ᠶᠢ ᠣᠯᠵᠤ ᠦᠵᠡᠬᠦ ᠨᠢ ᠦᠨᠡᠬᠡᠷ ᠣᠯᠳᠠᠰᠢ ᠦᠭᠡᠢ ᠵᠠᠪᠰᠢᠶᠠᠨ᠃︾ ᠭᠡᠵᠦ ᠯᠢᠦ ᠬᠤ᠋ ᠪᠠᠯᠭᠠᠰᠤ ᠶᠢᠨ ᠱᠤᠸᠠᠩ ᠾᠧ ᠲᠣᠰᠬᠤᠨ ᠤ  ᠯᠢᠦ ᠡᠮᠡᠭᠡ ᠶᠠᠷᠢᠨ᠎ᠠ᠃ ᠤᠷᠠᠯᠢᠭ  ᠤᠨ ᠵᠡᠭᠦᠳᠦ ᠤᠯᠠᠭᠠᠨᠮᠥ᠋ᠴᠢᠷ ᠤᠨ ᠲᠣᠭᠯᠠᠭᠴᠢᠳ ᠭᠤᠴᠣ ᠰᠠᠶᠢᠬᠠᠨ ᠲᠣᠭᠯᠠᠯᠲᠠ ᠭᠠᠷᠭᠠᠵᠤ᠂ ᠪᠥᠵᠢᠭ ︽ᠲᠦᠮᠡᠨ ᠬᠢᠵᠠᠭᠠᠷ︾᠂ ᠭᠤᠴᠣᠯᠠᠯ ᠳᠠᠭᠤᠤ᠂ ᠨᠠᠶᠢᠷᠠᠯ ᠳᠠᠭᠤᠤ᠂ ᠮᠣᠷᠢᠨ ᠬᠤᠭᠤᠷ ᠤᠨ ᠭᠤᠴᠣᠯᠠᠯ ᠬᠥᠭᠵᠢᠮ᠂ ᠰᠢ ᠵᠦᠴᠦᠭᠡ ᠱᠤᠭ ᠵᠦᠴᠦᠭᠡ᠂ ᠳᠠᠭᠤᠤ ᠬᠥᠭᠵᠢᠮ ᠤᠨ ᠴᠠᠷᠭᠢᠯ ᠬᠤᠯᠪᠣᠭ᠎ᠠ ᠵᠡᠷᠭᠡ ᠶᠢ ᠡᠭᠡᠯᠵᠢᠯᠡᠨ ᠲᠣᠭᠯᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠢ ᠣᠷᠭᠢᠯ ᠳᠤ ᠬᠦᠷᠭᠡᠵᠦ᠂ ᠲᠣᠰᠬᠤᠨ ᠤ ᠠᠷᠠᠳ ᠠᠶᠠᠨᠳᠠᠭᠠᠨ ᠳᠠᠭᠠᠵᠤ ᠭᠢᠩᠰᠢᠨ ᠳᠠᠭᠤᠯᠠᠵᠤ ᠠᠯᠠᠭ᠎ᠠ ᠲᠠᠰᠢᠵᠠᠭᠠᠪᠠ᠃ ᠰᠠᠶᠢᠨ ᠳᠤᠷᠠᠴᠤᠳ ᠬᠠᠤᠯᠢ ᠲᠦᠭᠡᠮᠡᠯᠵᠢᠭᠦᠯᠬᠦ᠂ ᠤᠬᠠᠭᠤᠯᠭ᠎ᠠ ᠶᠢᠨ ᠤᠭᠤᠲᠠ ᠲᠠᠷᠬᠠᠭᠠᠬᠤ᠂ ᠨᠣᠮ ᠪᠢᠴᠢᠭ ᠤᠬᠠᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ ᠪᠠ ᠬᠠᠤᠯᠢ ᠴᠠᠭᠠᠵᠠ ᠶᠢᠨ ᠠᠮᠲᠠᠲᠤ ᠬᠤᠭᠤᠯᠠ ᠪᠠᠷ ᠣᠯᠠᠨ ᠲᠦᠮᠡᠨ  ᠤ ᠣᠶᠤᠨ ᠰᠠᠨᠠᠭ᠎ᠠ ᠶᠢ ᠲᠡᠭᠦᠯᠳᠡᠷᠵᠢᠭᠦᠯᠪᠡ᠃
   ᠠᠷᠠᠳ ᠢᠷᠭᠡᠳ ᠭᠤᠣᠯ ᠲᠣᠭᠯᠠᠭᠴᠢ ᠪᠤᠯᠵᠤ᠂ ᠠᠮᠢᠳᠤᠷᠠᠯ ᠨᠡᠩ ᠭᠤᠶᠢᠳᠠ ᠰᠠᠶᠢᠬᠠᠨ ᠪᠣᠯᠪᠠ᠃ ᠠᠳᠠᠯᠢᠬᠠᠨ ᠴᠠᠭ ᠲᠤ᠂ ᠯᠢᠦ ᠬᠣ᠋ ᠪᠠᠯᠭᠠᠰᠤᠨ ᠤ ᠵᠢᠤᠢ ᠰᠢᠩ ᠲᠣᠰᠬᠤᠨ ᠤ ᠲᠣᠭᠯᠠᠯᠲᠠ ᠴᠤ ᠭᠤᠢᠳᠠ ᠰᠠᠶᠢᠬᠠᠨ ᠪᠠᠶᠢᠵᠤ᠂ ᠤᠯᠠᠭᠠᠨᠮᠥ᠋ᠴᠢᠷ ᠤᠨ ᠠᠪᠴᠢᠷᠠᠭᠰᠠᠨ ᠪᠥᠵᠢᠭ ︽ᠵᠣᠯ ᠵᠢᠷᠭᠠᠯᠲᠤ ᠳᠤᠮᠳᠠᠳᠤ ᠤᠯᠤᠰ ᠬᠠᠮᠲᠤ ᠪᠠᠷ ᠶᠠᠪᠤᠬᠤ︾᠂ ᠱᠤᠭ ᠵᠦᠴᠦᠭᠡ᠂ ᠭᠤᠴᠣᠯᠠᠯ ᠳᠠᠭᠤᠤ ᠵᠡᠷᠭᠡ ᠲᠣᠭᠯᠠᠯᠲᠠ ᠨᠢ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠢ ᠨᠠᠩ ᠬᠥᠭᠵᠢᠶᠡᠨᠲᠡᠶ ᠪᠣᠯᠭᠠᠪᠠ᠃ ᠡᠶᠢᠮᠦᠷᠬᠦᠦ ᠠᠭᠤᠷ ᠠᠮᠢᠰᠬᠤᠯ ᠤᠨ ᠲᠠᠯᠬᠢᠭᠳᠠᠯ ᠪᠠ ᠳᠠᠭᠠᠭᠤᠯᠭ᠎ᠠ ᠳᠣᠣᠷ᠎ᠠ᠂ ᠲᠠᠯᠠᠪᠠᠢ ᠳᠤ ᠪᠠᠶᠢᠭᠰᠠᠨ ᠤᠯᠠᠨ ᠲᠦᠮᠡᠨ ᠴᠦ ᠲᠠᠪ ᠲᠠᠪ ᠬᠢᠵᠦ᠂ ᠮᠥᠷᠯᠡᠨ ᠵᠢᠭᠰᠠᠵᠤ᠂ ᠵᠠᠰᠠᠯ ᠴᠢᠮᠡᠭᠯᠡᠯ ᠢᠶᠠᠨ ᠭᠠᠶᠢᠬᠠᠭᠤᠯᠵᠦ᠂ ᠲᠡᠷᠢ ᠲᠡᠭᠰᠢ ᠶᠠᠩᠭᠠᠷ ᠪᠥᠵᠢᠭ ᠲᠠᠶᠢᠰᠠᠨ ᠤ ᠡᠮᠦᠨ᠎ᠡ ᠬᠦᠷᠴᠦ᠂ ᠲᠣᠭᠯᠠᠭᠴᠢᠳ ᠪᠠ ᠪᠤᠰᠤᠳ ᠤᠯᠠᠨ ᠲᠦᠮᠡᠨ ᠤ ᠬᠦᠷᠢᠶᠡᠯᠡᠯ ᠢ ᠣᠯᠤᠭᠰᠠᠨ ᠪᠠᠶᠢᠨ᠎ᠠ᠃ ︽ᠤᠯᠠᠭᠠᠨᠮᠥ᠋ᠴᠢᠷ ᠤᠨ ᠲᠣᠭᠯᠠᠯᠲᠠ ᠮᠠᠰᠢ ᠭᠤᠶᠤ ᠰᠠᠶᠢᠬᠠᠨ᠂ ᠪᠢᠳᠡᠨ ᠤ ᠴᠤᠭ ᠰᠦᠯᠳᠡ ᠴᠦ ᠮᠠᠰᠢ ᠲᠡᠭᠦᠯᠳᠡᠷ ᠪᠠᠶᠢᠨ᠎ᠠ᠂ ᠯᠤᠲᠤ ᠶᠡᠭᠡ ᠬᠥᠭᠵᠢᠯ ᠪᠠᠳᠠᠷᠠᠯ ᠲᠠᠢ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠶ᠃︾ ᠭᠡᠵᠦ ᠵᠢᠤᠢ ᠰᠢᠩ ᠲᠣᠰᠬᠤᠨ ᠤ ᠶᠠᠩᠭᠠᠷ ᠪᠥᠵᠢᠭ ᠤᠨ ᠠᠩᠭᠢ  ᠶᠢᠨ ᠭᠡᠰᠢᠭᠦᠨ ᠵᠧᠩ ᠬᠠᠢ ᠶᠠᠨ ᠬᠡᠯᠡᠨ᠎ᠡ᠃ ᠤᠢᠢᠷ᠎ᠠ ᠶᠢᠨ ᠵᠢᠯ ᠠᠴᠠ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠡᠳᠦᠷ ᠢᠷᠡᠬᠦᠶ᠎ᠡ ᠳᠡᠭᠡᠭᠰᠢᠯᠡᠬᠦ ᠶᠢ ᠳᠠᠭᠠᠯᠳᠤᠨ᠂ ᠠᠷᠠᠳ ᠤᠯᠠᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠵᠤ᠂ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠤᠯᠠᠮ ᠤᠷᠬᠢᠯᠤᠨ ᠪᠠᠳᠠᠷᠠᠵᠤ᠂ ᠰᠣᠶᠣᠯ ᠤᠨ ᠠᠵᠢᠯᠯᠠᠭ᠎ᠠ ᠶᠢᠨ ᠠᠭᠤᠳᠠᠮ ᠲᠠᠯᠠᠪᠠᠢ ᠨᠢ ᠤᠯᠤᠯᠴᠠᠭ᠎ᠠ ᠰᠣᠯᠢᠯᠴᠠᠭ᠎ᠠ᠂ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢ ᠠᠬᠢᠭᠤᠯᠬᠤ ᠬᠥᠭᠦᠷᠭᠡ ᠪᠤᠯᠵᠤ᠂ ᠤᠯᠠᠨ ᠲᠦᠮᠡᠨ ᠤ ᠠᠶᠠᠨᠳᠠᠭᠠᠨ ᠵᠣᠬᠢᠶᠠᠨ ᠪᠠᠶᠢᠭᠤᠯᠤᠭᠰᠠᠨ ᠠᠭᠤᠳᠠᠮ ᠲᠠᠯᠠᠪᠠᠢ ᠶᠢᠨ ᠪᠥᠵᠢᠭ᠂ ᠶᠠᠩᠭᠠᠷ ᠪᠥᠵᠢᠭ᠂ ᠰᠠᠭᠰᠤᠨ ᠪᠥᠮᠪᠦᠭᠡ ᠶᠢᠨ ᠰᠣᠶᠣᠯ ᠪᠡᠶ᠎ᠡ ᠶᠢᠨ ᠲᠠᠮᠢᠷ ᠵᠡᠷᠭᠡ ᠠᠵᠢᠯᠯᠠᠭ᠎ᠠ ᠨᠢ ᠨᠢᠭᠡᠨᠲᠡ ᠠᠮᠢᠳᠤᠷᠠᠯ ᠤᠨ ᠳᠤᠲᠠᠭᠳᠠᠵᠤ ᠪᠣᠯᠤᠰᠢ ᠦᠭᠡᠢ ᠪᠦᠷᠢᠯᠳᠦᠬᠦᠨ ᠬᠡᠰᠡᠭ ᠪᠣᠯᠵᠠᠢ᠃
   ᠲᠦᠴᠢᠦᠸᠠᠨ ᠰᠢᠶᠠᠨ ᠤ ᠯᠢᠦ ᠬᠣ᠋ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢ ︽ᠲᠠᠪᠤᠨ ᠨᠢᠭᠡ︾ ᠣᠯᠠᠨ ᠲᠦᠮᠡᠨ ᠤ ᠠᠵᠢᠯᠯᠠᠬᠤ ᠠᠷᠭ᠎ᠠ ᠲᠠᠢ ᠨᠢᠭᠲᠠ ᠤᠶᠠᠯᠳᠤᠭᠤᠯᠤᠨ᠂ ᠠᠵᠢᠯᠯᠠᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ︽+ ᠣᠯᠠᠨ ᠲᠦᠮᠡᠨ︾ ᠤ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠣᠯᠠᠨ ᠲᠦᠮᠡᠨ ᠤ ᠬᠦᠰᠡᠯ ᠰᠠᠨᠠᠭ᠎ᠠ ᠶᠢ ᠬᠠᠩᠭᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠣᠷᠣᠰᠢᠨ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ᠂ ᠬᠠᠮᠲᠤ ᠪᠠᠷ ᠠᠭᠤᠰᠤᠯᠴᠠᠨ ᠬᠠᠮᠲᠤ  ᠪᠠᠷ ᠴᠣᠭᠴᠠᠯᠠᠬᠤ ᠶᠢ ᠠᠬᠢᠭᠤᠯᠵᠤ᠂ ᠠᠷᠠᠳ ᠣᠯᠠᠨ ᠳᠤ ᠨᠠᠩ ᠣᠯᠠᠨ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠣᠯᠭᠤᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号