ᠠᠷᠠᠳ ᠣᠯᠠᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ | ᠪᠥᠬᠦ ᠤᠯᠤᠰ ᠤᠨ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠬᠦ ᠰᠢᠶᠠᠨ ᠤ ᠨᠠᠷᠠᠲᠤ ᠲᠡᠮᠳᠡᠭ ᠢ ᠭᠡᠷᠡᠯᠲᠦᠭᠦᠯᠵᠦ᠂ | ᠤᠷᠤᠯᠳᠤᠭᠠᠨ ᠢ ᠲᠠᠭᠠᠨ ᠵᠤᠭᠠᠴᠠᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠪᠡᠶ᠎ᠡ ᠶᠢᠨ ᠲᠠᠮᠢᠷ + ᠵᠢᠭᠤᠯᠴᠢᠯᠠᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ᠂ | 2025 ᠣᠨ ᠤ 1 ᠰᠠᠷ᠎ᠠ ᠶᠢᠨ 10 ᠤ ᠡᠳᠦᠷ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠤᠪᠢᠶᠠᠷᠢ | ᠲᠥᠪ ᠠᠴᠠ ᠭᠤᠤᠯᠯᠠᠨ ᠡᠷᠭᠢᠯᠡᠭᠰᠡᠨ᠄ ︽ᠥᠪᠥᠷ ᠮᠣᠩᠭᠤᠯ ᠢᠶᠠᠨ ᠮᠠᠭᠲᠠᠨ ᠲᠠᠭᠤᠯᠠᠵᠦ ᠲᠦᠴᠢᠦᠸᠠᠨ ᠳᠤ ᠰᠢᠨᠡᠯᠡᠬᠦ︾ | 2025 ᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ ᠠᠯᠠᠭᠠᠳᠠᠬᠤ ᠪᠥᠮᠪᠦᠭᠡ ᠶᠢᠨ | ᠨᠥᠬᠦᠷᠰᠡᠭ ᠤᠷᠤᠯᠳᠤᠭᠠᠨ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠳᠤ ᠤᠷᠤᠭᠰᠢᠲᠠᠶ ᠵᠢᠩᠬᠢᠨᠢ | ᠪᠠᠷ ᠡᠬᠢᠯᠡᠪᠡ᠃ | | ᠲᠤᠰ ᠤᠳᠠᠭᠠᠨ ᠤ ᠤᠷᠤᠯᠳᠤᠭᠠᠨ ᠳᠤ ᠨᠡᠶᠢᠲᠡ 14 ᠠᠩᠭᠢ ᠣᠷᠣᠯᠴᠠᠵᠤ᠂ ᠡᠷᠡᠭᠲᠡᠶ ᠶᠢᠨ ᠳᠤᠭᠤᠢᠯᠠᠩ 8 | ᠠᠩᠭᠢ᠂ ᠡᠮᠡᠭᠲᠡᠶ ᠶᠢᠨ ᠳᠤᠭᠤᠢᠯᠠᠩ 6 ᠠᠩᠭᠢ᠂ ᠡᠷᠡᠭᠲᠡᠶ ᠶᠢᠨ ᠳᠤᠭᠤᠢᠯᠠᠩ ᠨᠢ ᠳᠤᠭᠤᠢᠯᠠᠩ ᠤᠨ ᠡᠷᠭᠢᠯᠲᠡ ᠶᠢᠨ | ᠤᠷᠤᠯᠳᠤᠭᠠᠨ ᠢᠶᠠᠷ ᠬᠤᠪᠢ ᠪᠣᠳᠣᠵᠤ᠂ ᠡᠮᠡᠭᠲᠡᠶ ᠶᠢᠨ ᠳᠤᠭᠤᠢᠯᠠᠩ ᠨᠢ ᠳᠠᠩ ᠡᠷᠭᠢᠯᠲᠡ ᠶᠢᠨ ᠤᠷᠤᠯᠳᠤᠭᠠᠨ ᠢᠶᠠᠷ | ᠬᠤᠪᠢ ᠪᠣᠳᠣᠨ᠎ᠠ᠃ ᠲᠤᠬᠠᠶ ᠶᠢᠨ ᠲᠠᠯᠠᠪᠠᠢ ᠶᠢᠨ ᠲᠠᠮᠢᠷᠴᠢᠳ ᠡᠷᠴᠢ ᠵᠣᠷᠢᠭ ᠲᠡᠭᠦᠯᠳᠡᠷ᠂ ᠣᠷᠭᠢᠯᠤᠮ᠎ᠠ ᠬᠠᠯᠠᠭᠤᠨ | ᠰᠡᠳᠬᠢᠯᠭᠡ ᠲᠠᠢ ᠪᠠᠶᠢᠵᠤ᠂ ᠤᠷᠤᠯᠳᠤᠭᠠᠨ ᠤ ᠳᠤᠮᠳᠠ ᠡᠷᠳᠡᠮ ᠴᠢᠳᠠᠯ ᠢᠶᠠᠨ ᠦᠵᠡᠭᠦᠯᠵᠦ᠂ ᠲᠡᠷᠢᠭᠦᠨ ᠪᠠᠶᠢᠷᠢ ᠶᠢ | ᠡᠵᠡᠯᠡᠬᠦ ᠪᠠᠷ ᠪᠡᠯᠡᠳᠬᠡᠵᠦ ᠪᠠᠶᠢᠪᠠ᠃ | |