︽ᠣᠷᠣᠯᠠᠨ ᠰᠠᠭᠤᠯᠭᠠᠬᠤ ᠣᠷᠣᠯᠠᠨ ᠬᠤᠷᠢᠶᠠᠬᠤ ᠣᠷᠣᠯᠠᠨ ᠲᠠᠲᠠᠪᠤᠷᠢᠯᠠᠬᠤ ᠭᠠᠶᠢᠯᠢ ᠶᠢᠨ ᠭᠠᠷᠳᠠᠮ ᠤᠨ | ᠰᠤᠶᠢᠳᠭᠡᠯ ᠤᠨ ᠬᠠᠮᠢᠶᠠᠷᠤᠯᠲᠠ ᠶᠢ ᠤᠯᠠᠮ ᠴᠢᠨᠠᠬᠰᠢᠳᠠ ᠴᠢᠩᠭᠠᠳᠬᠠᠬᠤ ᠲᠤᠬᠠᠶ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ᠡᠳ᠋ ᠤᠨ ᠵᠠᠰᠠᠭ ᠤᠨ ᠶᠠᠮᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠮᠡᠳᠡᠭᠳᠡᠯ︾ ︵ᠭᠠᠶᠢᠯᠢ ᠶᠡᠷᠦᠩᠬᠡᠶ ᠡᠳ᠋ ᠤᠨ ᠶᠠᠪᠤᠳᠠᠯ ᠤᠨ ᠲᠠᠷᠬᠠᠭᠠᠭᠰᠠᠨ 〔2023〕48 ᠳ᠋ᠤᠭᠠᠷ ᠲᠣᠭᠠᠲᠤ︶ | ᠤᠨ ᠲᠣᠭᠲᠠᠭᠠᠯ ᠢ ᠦᠨᠳᠦᠰᠦᠯᠡᠪᠡᠯ᠂ ᠣᠷᠣᠯᠠᠨ ᠰᠠᠭᠤᠯᠭᠠᠬᠤ᠂ ᠣᠷᠣᠯᠠᠨ ᠬᠤᠷᠢᠶᠠᠬᠤ ᠰᠠᠭᠤᠯᠭᠠᠨ ᠲᠤᠰᠢᠶᠠᠬᠤ | ᠡᠭᠦᠷᠭᠡᠳᠡᠨ ᠪᠠ ᠣᠷᠣᠯᠠᠨ ᠲᠠᠲᠠᠪᠤᠷᠢᠯᠠᠭᠴᠢ ᠨᠢ ᠵᠢᠯ ᠪᠦᠷᠢ ᠶᠢᠨ 3 ᠰᠠᠷ᠎ᠠ ᠶᠢᠨ 31 ᠤ ᠡᠳᠦᠷ ᠠᠴᠠ ᠡᠮᠦᠨ᠎ᠡ᠂ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠲᠦᠷᠦᠬᠦᠤ ᠵᠢᠯ ᠤᠨ ︽ᠭᠤᠷᠪᠠ ᠶᠢ ᠣᠷᠣᠯᠠᠬᠰᠠᠨ︾ ᠭᠠᠶᠢᠯᠢ ᠶᠢᠨ | ᠭᠠᠷᠳᠠᠮ ᠤᠨ ᠰᠤᠶᠢᠳᠭᠡᠯ ᠤᠨ ᠭᠤᠶᠤᠴᠢᠯᠠᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠲᠤᠰᠢᠶᠠᠬᠤ ᠬᠡᠷᠡᠭᠲᠡᠶ᠂ ︽ | ᠭᠤᠷᠪᠠ ᠶᠢ ᠣᠷᠣᠯᠠᠬᠰᠠᠨ︾ ᠨᠢᠭᠡᠴᠡ ᠪᠤᠶᠤ ᠬᠤᠪᠢ ᠬᠥᠮᠦᠨ ᠨᠢ ᠲᠣᠰ ᠪᠡᠶ᠎ᠡ ᠶᠢᠨ ᠰᠢᠯᠲᠠᠭᠠᠨ ᠠᠴᠠ ᠪᠠᠨ ᠪᠣᠯᠵᠣ᠂ | ᠴᠠᠭ ᠲᠤᠬᠠᠶ ᠳᠤᠨᠢ ᠭᠤᠶᠤᠴᠢᠯᠠᠯ ᠲᠤᠰᠢᠶᠠᠭᠰᠠᠨ ᠥᠬᠡᠶ ᠳᠤ ᠬᠦᠷᠪᠡᠯ᠂ ᠲᠦᠷᠦᠭᠦᠤ ᠵᠢᠯ ᠤᠨ ︽ᠭᠤᠷᠪᠠ ᠶᠢ | ᠣᠷᠣᠯᠠᠬᠰᠠᠨ︾ ᠭᠠᠶᠢᠯᠢ ᠶᠢᠨ ᠭᠠᠷᠳᠠᠮ ᠤᠨ ᠰᠤᠶᠢᠳᠭᠡᠯ ᠢ ᠠᠶᠠᠨᠳᠠᠭᠠᠨ ᠲᠠᠶᠠᠬᠳᠠᠬᠰᠠᠨ ᠢᠶᠠᠷ ᠦᠵᠡᠬᠦ ᠪᠤᠯᠤᠨ᠎ᠠ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠠᠰᠢᠭ ᠤᠷᠤᠯᠭ᠎ᠠ ᠶᠢᠨ | ᠭᠠᠶᠢᠯᠢ ᠶᠢᠨ ᠬᠠᠤᠯᠢ︾ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠠᠭᠤᠯᠭᠠᠨ | ᠲᠤᠰᠢᠶᠠᠬᠤ ᠡᠭᠦᠷᠭᠡᠳᠡᠨ ᠰᠠᠭᠤᠯᠭᠠᠨ ᠲᠤᠰᠢᠶᠠᠯᠭᠠᠭᠰᠠᠨ ᠭᠠᠶᠢᠯᠢ ᠶᠢᠨ ᠵᠣᠭᠤᠰ ᠤᠨ ᠶᠣᠰᠣᠭᠠᠷ᠂ ᠵᠠᠭᠤᠨ ᠤ | ᠬᠤᠶᠠᠷ ᠤᠨ ᠭᠠᠷᠳᠠᠮ ᠤᠨ ᠰᠦᠢᠳᠬᠡᠯ ᠲᠤᠰᠢᠶᠠᠬᠤ ᠬᠡᠷᠡᠭᠲᠡᠶ᠃ | 2025 ᠣᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ ᠪᠣᠯᠲᠠᠯ᠎ᠠ᠂ ᠰᠠᠭᠤᠯᠭᠠᠨ | ᠲᠤᠰᠢᠶᠠᠬᠤ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠲᠠᠨ ᠨᠢ ᠪᠠᠶᠢᠭᠠᠯᠢᠭ ᠬᠥᠮᠦᠨ ᠤ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ︵ᠰᠠᠭᠤᠯᠭᠠᠨ ᠲᠤᠰᠢᠶᠠᠬᠤ ᠦᠵᠦᠭᠦᠷ︶ ᠪᠠᠷ ᠳᠠᠮᠵᠢᠭᠤᠯᠤᠨ ︽ᠭᠠᠷᠳᠠᠮ ᠤᠨ | ᠰᠦᠢᠳᠬᠡᠯ ᠢ ᠪᠤᠴᠠᠭᠠᠨ ᠥᠭᠬᠦ ᠶᠢ ᠬᠠᠷᠭᠤᠭᠤᠯᠬᠤ︾ ᠬᠡᠯᠪᠡᠷᠢ ᠪᠠᠷ 2024 ᠣᠨ ᠤ ᠬᠤᠪᠢ ᠬᠥᠮᠦᠨ ᠤ ᠠᠰᠢᠭ | ᠣᠷᠣᠯᠭ᠎ᠠ ᠶᠢᠨ ᠭᠠᠶᠢᠯᠢ ᠶᠢ ᠰᠠᠭᠤᠯᠭᠠᠨ ᠲᠤᠰᠢᠶᠠᠬᠤ ᠭᠠᠷᠳᠠᠮ ᠤᠨ ᠰᠦᠢᠳᠬᠡᠯ ᠢ ᠪᠤᠴᠠᠭᠠᠨ ᠦᠭᠭᠦ ᠪᠠᠷ | ᠭᠤᠶᠤᠴᠢᠯᠠᠵᠤ ᠪᠣᠯᠤᠨ᠎ᠠ᠃ |