1 ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠪᠠ 1 ᠰᠠᠷ᠎ᠠ ᠶᠢᠨ 9 ᠤ ᠡᠳᠦᠷ ᠤᠨ ᠲᠥᠪ ᠤᠨ ᠤᠯᠤᠰ | ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ 2024 ᠣᠨ ᠤ ᠠᠵᠢᠯ ᠤᠨ ᠪᠠᠶᠢᠳᠠᠯ ᠂ 2025 ᠣᠨ ᠤ ᠠᠵᠢᠯ ᠤᠨ ᠲᠥᠯᠥᠪᠯᠡᠭᠡ ᠪᠠ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ | ᠪᠦᠭᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠂ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠣᠭᠳᠠᠯ ᠪᠦᠬᠦᠢ | ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠬᠤᠷᠠᠯ ᠢ ᠡᠷᠭᠢᠯᠡᠵᠠᠢ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠣᠳᠣᠬᠠᠨ ᠤ | ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠶᠡᠷᠦᠩᠬᠡᠢ ᠳᠠᠶᠢᠯᠠᠯᠳᠤᠭᠠᠨ ᠢ ᠡᠷᠡᠰ | ᠰᠠᠶᠢᠲᠤᠷ ᠬᠢᠬᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠲᠤᠬᠠᠢ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠦ ᠂ ᠲᠣᠳᠣᠷᠬᠠᠢ ᠱᠠᠭᠠᠷᠳᠠᠯᠭ᠎ᠠ ᠳᠤᠷᠠᠳᠴᠤ ᠂ ᠮᠠᠰᠢ ᠴᠢᠩᠭ᠎ᠠ ᠤᠯᠤᠰ ᠲᠥᠷᠥᠴᠢ ᠴᠢᠨᠠᠷ ᠂ | ᠦᠵᠡᠯ ᠰᠠᠨᠠᠭᠠᠴᠢ ᠴᠢᠨᠠᠷ ᠂ ᠵᠢᠯᠤᠭᠤᠳᠬᠤ ᠴᠢᠨᠠᠷ ᠲᠠᠢ ᠶᠤᠮ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ | ᠡᠭᠦᠷᠢᠳᠡ ᠵᠣᠭᠰᠣᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ ᠂ ᠥᠭᠡᠷᠡᠴᠢᠯᠡᠯᠲᠡ ᠶᠢᠨ | ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ | ᠭᠦᠨᠵᠡᠭᠡᠶᠢᠷᠡᠨ ᠬᠥᠭᠵᠢᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠨᠤᠲᠠᠯᠠᠵᠤ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ | ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ | ᠪᠤᠯᠭᠠᠬᠤ ᠶᠢ ᠪᠠᠷᠢᠮᠲᠠᠯᠠᠵᠤ ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ | ᠪᠦᠲᠦᠮᠵᠢᠲᠡᠶ ᠰᠠᠶᠢᠲᠤᠷ ᠬᠢᠵᠦ ᠂ ᠪᠦᠭᠦ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠭᠤᠣᠯ ᠪᠤᠯᠭᠠᠵᠤ ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ︽ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠂ ︽ | ᠵᠢᠷᠭᠤᠭᠠᠨ ᠢᠨᠵᠧᠨᠧᠷᠢᠩ ︾ ᠢ ᠬᠡᠷᠡᠭᠵᠢᠭᠦᠯᠬᠦ ᠂ ︽ᠵᠢᠷᠭᠤᠭᠠᠨ ᠠᠵᠢᠯᠯᠠᠭ᠎ᠠ ︾ ᠥᠷᠨᠢᠭᠦᠯᠬᠦ ᠶᠢᠨ ᠲᠣᠭᠤᠷᠢᠨ ᠳᠤ | ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ ᠃ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠬᠦᠴᠦᠯᠡᠨ ᠪᠠᠬᠢᠵᠢᠭᠦᠯᠬᠦ ᠬᠡᠷᠡᠭᠲᠡᠢ ᠃ ᠲᠥᠪ ᠪᠤᠰᠤ ᠰᠤᠷᠲᠠᠯ ᠪᠠ ᠢᠯᠵᠢᠷᠡᠯ ᠢ ᠵᠡᠷᠭᠡ ᠪᠠᠷ ᠪᠠᠶᠢᠴᠠᠭᠠᠵᠤ | ᠵᠡᠷᠭᠡ ᠪᠠᠷ ᠵᠠᠰᠠᠬᠤ ᠠᠵᠢᠯ ᠢ ᠭᠦᠨᠵᠡᠭᠡᠢ ᠠᠬᠢᠭᠤᠯᠵᠤ ᠂ ᠡᠯ᠎ᠡ ᠲᠥᠷᠥᠯ ᠤᠨ ᠳᠠᠯᠳᠠᠭᠤᠷ ᠣᠨᠳᠣᠣᠰᠢᠭᠰᠠᠨ ︽ | ᠳᠥᠷᠪᠡᠨ ᠰᠤᠷᠲᠠᠯ ︾ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠭᠤᠣᠯᠳᠠᠯᠭ᠎ᠠ ᠲᠠᠢ | ᠠᠰᠠᠭᠤᠳᠠᠯ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠂ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ | ᠢᠯᠵᠢᠷᠡᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠢᠳᠬᠡᠬᠦ ᠬᠡᠷᠡᠭᠲᠡᠢ ᠃ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ ᠂ ᠦᠨᠳᠦᠰᠦᠨ | ᠱᠠᠲᠤ ᠶᠢ ᠱᠠᠯᠠᠪᠳᠠᠭᠤᠯᠤᠨ ᠠᠰᠠᠭᠤᠳᠠᠯ ᠢ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠬᠡᠷᠡᠭᠲᠡᠢ ᠃ ᠨᠠᠮ ᠢ ᠬᠠᠮᠢᠶᠠᠷᠴᠤ ᠨᠠᠮ ᠢ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠤᠳᠤᠷᠢᠳᠬᠤ ᠪᠠᠭ ᠤᠨ ᠪᠦᠷᠢᠯᠳᠦᠭᠦᠨ ᠢ ᠱᠠᠯᠠᠪᠳᠠᠭᠤᠯᠤᠨ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ︾ ᠶᠢ ᠯᠠᠪᠳᠠᠭᠤᠨ ᠪᠠᠲᠤᠲᠠᠢ ᠭᠦᠢᠴᠡᠳᠬᠡᠵᠦ ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠤᠬᠠᠶᠢᠯᠠᠭᠰᠠᠨ ᠠᠵᠢᠯ ᠢ ᠵᠡᠷᠭᠡ ᠪᠠᠷ ᠰᠤᠳᠤᠯᠬᠤ ᠂ ᠵᠡᠷᠭᠡ ᠪᠠᠷ | ᠪᠠᠶᠢᠷᠢᠯᠠᠭᠤᠯᠬᠤ ᠂ ᠵᠡᠷᠭᠡ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ ᠳᠦᠷᠢᠮ ᠲᠣᠭᠲᠠᠭᠠᠯ | ᠲᠣᠭᠲᠠᠭᠠᠬᠤ ᠶᠢ ᠴᠢᠩᠭᠠᠳᠬᠠᠵᠤ ᠂ ᠳᠦᠷᠢᠮ ᠲᠣᠭᠲᠠᠴᠠ ᠶᠢᠨ ᠬᠠᠨᠳᠤᠯᠭᠠᠲᠤ ᠴᠢᠨᠠᠷ ᠪᠣᠯᠣᠨ ᠬᠢᠵᠠᠭᠠᠷᠯᠠᠬᠤ | ᠬᠦᠴᠦᠨ ᠢ ᠳᠡᠭᠡᠭᠰᠢᠯᠡᠭᠦᠯᠵᠦ ᠂ ᠡᠬᠢ ᠡᠭᠦᠰᠦᠯ ᠠᠴᠠ ᠨᠢ ᠠᠯᠳᠠᠭᠳᠠᠯ ᠭᠠᠷᠬᠤ ᠶᠢ ᠬᠤᠷᠢᠭᠯᠠᠵᠤ ᠂ ᠠᠶᠤᠯ | ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ | ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠺᠠᠳ᠋ᠷ ᠤᠨ ᠡᠩᠨᠡᠭᠡᠨ ᠤ ᠬᠠᠮᠢᠶᠠᠷᠤᠯᠲᠠ ᠬᠢᠨᠠᠯᠲᠠ | ᠲᠠᠯᠪᠢᠯᠲᠠ ᠶᠢ ᠴᠢᠩᠭᠠᠳᠬᠠᠵᠤ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠦᠮᠵᠢᠯᠲᠡ | ᠬᠠᠤᠯᠢᠵᠢᠯᠳᠠ ᠵᠢᠩᠬᠢᠨᠢᠴᠢᠯᠡᠯᠲᠡ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ | ᠬᠤᠷᠠᠯ ᠬᠤᠷᠠᠯᠳᠤᠭᠤᠯᠵᠤ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ | ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠣᠯᠣᠨ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ | ᠮᠡᠳᠡᠭᠦᠯᠦᠯᠲᠡ ᠶᠢ ᠰᠣᠨᠣᠰᠴᠤ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠤᠳᠤᠷᠢᠳᠬᠤ | ᠳᠦᠷᠢᠮ ᠢ ᠬᠡᠷᠡᠭᠵᠢᠭᠦᠯᠬᠦ ᠲᠠᠯ᠎ᠠ ᠪᠠᠷ ᠵᠢᠱᠢᠶ᠎ᠡ ᠦᠵᠡᠭᠦᠯᠵᠦ ᠳᠠᠭᠤᠷᠢᠶᠠᠯ ᠪᠣᠯᠪᠠ ᠃ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ ᠂ ᠨᠠᠮ ᠤᠨ ᠤᠳᠤᠷᠢᠳᠤᠯᠭ᠎ᠠ ᠶᠢ ᠦᠨᠡᠨ ᠬᠦ ᠥᠪᠥᠷ ᠮᠣᠩᠭᠤᠯ ᠤᠨ ᠠᠵᠢᠯ ᠢ | ᠰᠠᠶᠢᠲᠤᠷ ᠬᠢᠬᠦ ᠡᠯ᠎ᠡ ᠲᠠᠯ᠎ᠠ ᠪᠦᠭᠦ ᠶᠠᠪᠤᠴᠠ ᠳᠤ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ | ᠵᠢᠭᠠᠭᠰᠠᠨ ᠴᠢᠭᠯᠡᠯ ᠢᠶᠠᠷ ᠠᠯᠬᠤᠭ᠎ᠠ ᠨᠢᠭᠡᠲᠡᠢ ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠬᠤᠷᠠᠯ ᠠᠴᠠ | 2024 ᠣᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠂ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ | ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠢ ᠨᠤᠲᠠᠯᠠᠵᠤ ᠂ ᠡᠯ᠎ᠡ ᠨᠠᠮ ᠤᠨ | ᠤᠳᠤᠷᠢᠳᠬᠤ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠢᠭᠡ ᠰᠡᠳᠬᠢᠯ ᠨᠢᠭᠡ | ᠵᠣᠷᠢᠭ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠥᠪᠥᠷ ᠮᠣᠩᠭᠤᠯ ᠤᠨ ︽ᠨᠢᠭᠡ | ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ︾ ᠲᠠᠯ᠎ᠠ ᠪᠠᠷ ᠨᠠᠩ ᠶᠡᠭᠡ | ᠦᠷ᠎ᠡ ᠪᠦᠲᠦᠮᠵᠢ ᠣᠯᠬᠤ ᠶᠢ ᠬᠠᠮᠲᠤ ᠪᠠᠷ ᠴᠢᠷᠮᠠᠶᠢᠨ ᠠᠬᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ | ᠲᠣᠭᠲᠠᠭᠠᠭᠰᠠᠨ ︾ ᠢ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠬᠡᠷᠡᠭᠲᠡᠢ ᠃ | ᠥᠭᠡᠷᠡᠴᠢᠯᠡᠯᠲᠡ ᠶᠢ ᠰᠦᠪᠡᠭᠴᠢᠯᠡᠬᠦ ᠂ ᠥᠭᠡᠷᠡᠴᠢᠯᠡᠯᠲᠡ ᠶᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠪᠠᠲᠤ ᠡᠭᠦᠷᠭᠡᠯᠡᠵᠦ ᠂ ᠲᠤᠰ ᠰᠢᠰᠲ᠋ᠧᠮ ᠲᠤᠰ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠤᠳᠤᠯᠤᠨ ᠠᠬᠢᠭᠤᠯᠬᠤ ᠬᠡᠷᠡᠭᠲᠡᠢ ᠃ ᠲᠤᠰ ᠪᠡᠶ᠎ᠡ ᠶᠢᠨ ᠡᠩᠨᠡᠭᠡᠨ ᠤ | ᠪᠠᠶᠢᠭᠤᠯᠤᠯᠲᠠ ᠪᠠᠨ ᠪᠦᠭᠦ ᠬᠦᠴᠦ ᠪᠠᠷ ᠢᠶᠠᠨ ᠰᠠᠶᠢᠲᠤᠷ ᠠᠳᠬᠤᠵᠤ ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠂ | ᠲᠥᠯᠥᠭᠡᠯᠡᠭᠴᠢ ᠭᠡᠰᠢᠭᠦᠨ ᠢ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠬᠦ ᠂ ᠨᠡᠶᠢᠭᠡᠮ ᠤᠨ ᠰᠤᠷᠲᠠᠯ ᠠᠷᠠᠳ ᠤᠨ | ᠰᠤᠷᠲᠠᠯ ᠢ ᠰᠠᠶᠢᠵᠢᠷᠠᠭᠤᠯᠬᠤ ᠶᠢ ᠬᠥᠲᠥᠯᠥᠨ ᠳᠠᠭᠠᠭᠤᠯᠬᠤ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠭᠦ ᠪᠤᠯᠭᠠᠬᠤ | ᠬᠡᠷᠡᠭᠲᠡᠢ ᠃ ᠤᠬᠠᠮᠰᠠᠷ ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠰ ᠲᠤᠰ ᠤᠨ ᠬᠦᠷᠢᠶ᠎ᠡ ᠴᠠᠷᠠᠭ᠎ᠠ ᠶᠢᠨ ᠪᠣᠳᠠᠲᠠᠢ ᠠᠵᠢᠯ ᠪᠣᠯᠭᠠᠨ | ᠬᠤᠪᠢᠷᠠᠭᠤᠯᠵᠤ ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠬᠤᠰᠢᠭᠤᠴᠢ ᠪᠣᠯᠵᠤ ᠂ ᠦᠯᠢᠭᠡᠷ ᠳᠠᠭᠤᠷᠢᠶᠠᠯ | ᠪᠤᠯᠬᠤ ᠬᠡᠷᠡᠭᠲᠡᠢ ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠲᠤᠰ ᠰᠢᠰᠲ᠋ᠧᠮ ᠤᠨ ᠢᠶᠠᠨ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ | ᠬᠤᠳᠠ ᠶᠢᠨ ᠲᠢᠩᠷᠢ ᠰᠢᠶᠠᠨ ᠳᠤ 6.8 ᠲᠡᠰ ᠤᠨ ᠭᠠᠵᠠᠷ ᠬᠥᠳᠡᠯᠦᠭᠰᠡᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ | ᠪᠤᠯᠭᠠᠵᠤ ᠂ ᠴᠢᠩᠭ᠎ᠠ ᠪᠣᠳᠠᠲᠠᠢ ᠨᠠᠷᠢᠯᠢᠭ ᠣᠪᠣᠷ ᠪᠠ ᠠᠷᠭ᠎ᠠ ᠬᠡᠮᠵᠢᠶ᠎ᠡ ᠪᠠᠷ ᠪᠦᠭᠦ ᠣᠷᠣᠨ ᠤ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ | ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠪᠦᠭᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ ᠂ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ ᠂ ᠵᠥᠪ ᠲᠠᠯ᠎ᠠ ᠶᠢᠨ ᠶᠠᠷᠢᠶ᠎ᠠ | ᠬᠡᠯᠡᠯᠴᠡᠭᠡᠨ ᠤ ᠰᠦᠷ ᠬᠦᠴᠦᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠰᠣᠶᠣᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ ᠂ ᠦᠵᠡᠯ | ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠬᠠᠮᠠᠭᠠᠯᠠᠵᠤ ᠂ ᠥᠪᠡᠷᠲᠡᠭᠡᠨ ᠵᠠᠰᠠᠬᠤ | ᠣᠷᠣᠨ ᠤ ᠰᠣᠶᠣᠯ ᠤᠨ ᠪᠠᠶᠢᠭᠤᠯᠤᠯᠲᠠ ᠶᠢᠨ ᠪᠦᠭᠦ ᠤᠯᠤᠰ ᠤᠨ ᠳᠡᠭᠡᠳᠦ ᠲᠦᠪᠰᠢᠨ ᠲᠡᠶᠢᠰᠢ ᠤᠷᠤᠭᠰᠢᠯᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ |