1 ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠬᠤᠷᠠᠯᠳᠤᠭᠤᠯᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠱᠤᠤ | ᠴᠧᠩ ᠤᠨ ᠨᠠᠶᠢᠳᠠᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠪᠠᠶᠢᠩᠭᠤ ᠶᠢᠨ | ᠳᠡᠳ᠋ ᠡᠷᠭᠢᠯᠡᠭᠴᠢ ᠯᠢᠨ ᠱᠤᠤ ᠴᠦᠨ ᠬᠤᠷᠠᠯ ᠢ ᠡᠷᠭᠢᠯᠡᠪᠡ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠱᠠᠯᠠᠪᠳᠠᠭᠤᠯᠤᠨ ᠵᠢᠯᠤᠭᠤᠳᠬᠤ | ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠵᠠᠢ ᠃ | ᠬᠤᠷᠠᠯ ᠠᠴᠠ ᠡᠮᠦᠨ᠎ᠡ ᠨᠠᠮ ᠤᠨ ᠤᠳᠤᠷᠢᠳᠬᠤ ᠳᠤᠭᠤᠶᠢᠯᠠᠩ ᠠᠵᠢᠯ ᠤᠨ ᠲᠥᠰᠥᠯ ᠲᠣᠭᠲᠠᠭᠠᠵᠤ ᠂ | ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ ᠂ | ᠪᠠᠶᠢᠳᠠᠯ ᠢ ᠣᠶᠢᠯᠠᠭᠠᠵᠤ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ ᠂ ᠨᠡᠶᠢᠲᠡᠯᠢᠭ ᠬᠡᠷᠡᠭ ᠲᠠᠢ | ᠤᠶᠠᠯᠳᠤᠭᠤᠯᠤᠨ ᠵᠠᠳᠠᠯᠤᠯᠲᠠ ᠬᠢᠵᠦ ᠂ ᠬᠠᠷᠭᠤᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠨᠠᠷᠢᠨ ᠬᠢᠨᠠᠮᠠᠭᠠᠢ ᠲᠤᠭᠤᠷᠪᠢᠨ | ᠪᠢᠴᠢᠵᠦ ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ | ᠬᠢᠵᠡᠢ ᠃ | ᠬᠤᠷᠠᠯ ᠠᠴᠠ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠬᠢᠨ ᠤ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ | ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ ᠃ | ᠯᠢᠨ ᠱᠤᠤ ᠴᠦᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠡᠮᠦᠨ᠎ᠡ ᠠᠴᠠ ᠬᠠᠷᠭᠤᠭᠤᠯᠤᠨ | ᠪᠠᠶᠢᠴᠠᠭᠠᠯᠲᠠ ᠬᠢᠵᠦ ᠂ ᠲᠦᠷᠦᠭᠦᠯᠡᠨ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠬᠢᠵᠦ ᠂ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠯᠲᠠ ᠬᠢᠵᠦ ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ ᠂ ᠢᠳᠡᠪᠬᠢᠲᠡᠢ ᠡᠷᠡᠭᠦᠯ ᠰᠠᠷᠠᠭᠤᠯ ᠦᠵᠡᠯ ᠰᠠᠨᠠᠭᠠᠨ ᠤ ᠲᠡᠮᠡᠴᠡᠯ | ᠥᠷᠨᠢᠭᠦᠯᠪᠡ ᠃ | ᠬᠤᠷᠠᠯ ᠠᠴᠠ ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ︽ᠬᠤᠶᠠᠷ ᠢ | ᠲᠣᠭᠲᠠᠭᠠᠭᠰᠠᠨ ︾ ᠢ ᠤᠯᠠᠮ ᠨᠢᠭᠡ ᠠᠯᠬᠤᠮ ᠡᠷᠡᠰ ᠬᠦᠷᠢᠶᠡᠯᠡᠬᠦ ᠂ ︽ᠬᠤᠶᠠᠷ ᠢ ᠬᠠᠮᠠᠭᠠᠯᠠᠬᠤ ︾ ᠶᠢ ᠡᠷᠡᠰ | ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ ᠪᠣᠯᠭᠠᠨ ᠬᠤᠪᠢᠷᠠᠭᠤᠯᠵᠤ ᠂ ᠨᠠᠮᠴᠢ ᠴᠢᠨᠠᠷ ᠢᠶᠠᠨ ᠴᠢᠩᠭᠠᠳᠬᠠᠬᠤ ᠂ | ᠰᠠᠬᠢᠯᠭ᠎ᠠ ᠪᠠᠲᠤ ᠶᠢ ᠴᠢᠩᠭ᠎ᠠ ᠰᠠᠬᠢᠬᠤ ᠂ ᠰᠤᠷᠲᠠᠯ ᠢᠶᠠᠨ ᠪᠠᠲᠤᠳᠬᠠᠬᠤ ᠠᠵᠢᠯᠯᠠᠭᠠᠨ ᠤ ᠤᠬᠠᠮᠰᠠᠷ ᠪᠣᠯᠭᠠᠨ | ᠬᠤᠪᠢᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠪᠠ ᠶᠡᠭᠡ ᠲᠠᠯ᠎ᠠ ᠶᠢᠨ | ᠠᠵᠢᠯ ᠳᠤ ᠦᠢᠯᠡᠴᠢᠯᠡᠨ ᠪᠠᠲᠤᠯᠠᠬᠤ ᠡᠭᠦᠷᠭᠡ ᠬᠠᠷᠢᠭᠤᠴᠠᠯᠭ᠎ᠠ ᠪᠣᠯᠭᠠᠨ ᠬᠤᠪᠢᠷᠠᠭᠤᠯᠵᠤ ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠰᠠᠶᠢᠲᠤᠷ ᠡᠭᠦᠷᠭᠡᠯᠡᠵᠦ ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠵᠢᠯᠤᠭᠤᠳᠬᠤ ᠬᠠᠮᠤᠭ ᠤᠨ ᠬᠦᠴᠦᠲᠡᠢ ᠦᠵᠡᠯ ᠰᠠᠨᠠᠭᠠᠨ ᠤ | ᠵᠡᠪᠰᠡᠭ ᠪᠤᠯᠭᠠᠵᠤ ᠂ ᠴᠠᠭ ᠢᠮᠠᠭᠲᠠ ᠭᠠᠵᠠᠷ ᠪᠣᠯᠭᠠᠨ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠭᠤᠭᠤᠯᠵᠤ ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ | ᠳᠤᠮᠳᠠ ᠲᠦᠪᠰᠢᠨ ᠳᠤ ᠣᠷᠣᠬᠤ ᠲᠠᠯ᠎ᠠ ᠪᠠᠷ ᠡᠷᠡᠮᠡᠬᠡᠶᠢᠯᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ ᠃ |