1 ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ | ᠬᠤᠷᠠᠯᠳᠤᠭᠤᠯᠪᠠ ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠂ ᠨᠠᠮ ᠤᠨ | ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ ᠪᠠ ᠪᠠᠲᠤᠯᠠᠨ ᠵᠣᠷᠢᠭᠵᠢᠭᠤᠯᠬᠤ ᠦᠢᠯᠡᠳᠦᠯ ᠢ ᠶᠡᠷᠦᠩᠬᠡᠶᠢᠯᠡᠨ | ᠪᠠᠳᠠᠷᠠᠭᠤᠯᠬᠤ ᠶᠢᠨ ᠲᠣᠭᠤᠷᠢᠨ ᠳᠤ ᠪᠣᠳᠠᠲᠠᠢ ᠲᠠᠢ ᠨᠢᠭᠲᠠ ᠤᠶᠠᠯᠳᠤᠭᠤᠯᠤᠨ ᠂ ᠪᠦᠭᠦ ᠲᠠᠯ᠎ᠠ ᠪᠠᠷ ᠬᠠᠷᠭᠤᠭᠤᠯᠤᠨ | ᠪᠠᠶᠢᠴᠠᠭᠠᠵᠤ ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠱᠠᠯᠠᠪᠳᠠᠭᠤᠯᠤᠨ ᠵᠢᠯᠤᠭᠤᠳᠬᠤ | ᠳᠤᠭᠤᠶᠢᠯᠠᠩ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ | ᠣᠷᠣᠯᠴᠠᠨ ᠵᠢᠭᠠᠨ ᠵᠢᠯᠣᠭᠤᠳᠪᠠ ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ | ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ | ᠬᠤᠷᠠᠯ ᠠᠴᠠ ᠡᠮᠦᠨ᠎ᠡ ᠪᠣᠳᠠᠲᠠᠢ ᠲᠥᠰᠥᠯ ᠲᠣᠭᠲᠠᠭᠠᠵᠤ ᠂ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ ᠂ | ᠲᠣᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ ᠂ ᠥᠷᠭᠡᠨ ᠢᠶᠠᠷ ᠰᠠᠨᠠᠯ ᠬᠤᠷᠢᠶᠠᠵᠤ ᠂ ᠪᠠᠶᠢᠳᠠᠯ ᠢ | ᠣᠶᠢᠯᠠᠭᠠᠵᠤ ᠰᠡᠳᠬᠢᠯ ᠤᠨ ᠦᠭᠡ ᠪᠠᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ ᠂ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠨᠠᠷᠢᠨ ᠨᠢᠮᠪᠠᠢ ᠪᠡᠯᠡᠳᠬᠡᠯ ᠬᠢᠪᠡ ᠃ | ᠬᠤᠷᠠᠯ ᠳᠡᠭᠡᠷ᠎ᠡ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠭᠰᠡᠨ ᠪᠥᠭᠡᠳ ᠲᠦᠷᠦᠭᠦᠯᠡᠨ | ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠬᠢᠪᠡ ᠃ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ | ᠪᠦᠷᠢᠯᠳᠦᠭᠦᠨ ᠨᠢᠭᠡᠳ ᠨᠢᠭᠡ ᠪᠠᠷ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠬᠢᠪᠡ ᠃ ᠨᠥᠬᠦᠳ ᠨᠢᠭᠡᠪᠦᠷᠢ | ᠶᠠᠷᠢᠵᠤ ᠪᠠᠷᠠᠭᠰᠠᠨ ᠤ ᠳᠠᠷᠠᠭ᠎ᠠ ᠪᠤᠰᠤᠳ ᠨᠥᠬᠦᠳ ᠲᠡᠰ ᠳᠠᠷᠠᠭᠠᠯᠠᠨ ᠰᠢᠭᠦᠮᠵᠢᠯᠡᠯ ᠰᠠᠨᠠᠯ ᠳᠤᠷᠠᠳᠪᠠ ᠃ | ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠳᠡᠭᠡᠷ᠎ᠡ ᠦᠵᠡᠯ ᠰᠠᠨᠠᠭ᠎ᠠ ᠪᠠᠨ ᠰᠣᠯᠢᠯᠴᠠᠵᠤ ᠂ ᠠᠰᠠᠭᠤᠳᠠᠯ ᠢ ᠪᠠᠶᠢᠴᠠᠭᠠᠨ ᠦᠵᠡᠵᠦ ᠂ ᠴᠢᠭᠯᠡᠯ ᠢᠶᠠᠨ | ᠲᠣᠳᠣᠷᠬᠠᠶᠢᠯᠠᠵᠤ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠂ ᠪᠦᠯᠬᠦᠮᠳᠡᠯ ᠢ ᠴᠢᠩᠭᠠᠳᠬᠠᠬᠤ ᠂ ᠠᠵᠢᠯ ᠢᠶᠠᠨ | ᠰᠠᠶᠢᠵᠢᠷᠠᠭᠤᠯᠬᠤ ᠂ ᠡᠷᠴᠢ ᠵᠣᠷᠢᠭ ᠢᠶᠠᠨ ᠬᠥᠪᠴᠢᠯᠡᠬᠦ ᠵᠣᠷᠢᠯᠭ᠎ᠠ ᠳᠤ ᠬᠦᠷᠴᠡᠢ ᠃ ᠤᠳᠤᠷᠢᠳᠬᠤ ᠪᠠᠭ ᠤᠨ ᠡᠯ᠎ᠡ | ᠪᠦᠷᠢᠯᠳᠦᠭᠦᠨ ᠨᠠᠩ ᠥᠨᠳᠥᠷ ᠪᠠᠷᠢᠮᠵᠢᠶ᠎ᠠ ᠪᠠᠷ ᠦᠵᠡᠯ ᠰᠠᠨᠠᠭ᠎ᠠ ᠶᠢ ᠰᠤᠷᠤᠯᠴᠠᠵᠤ ᠂ ᠦᠵᠡᠯ ᠰᠠᠨᠠᠭ᠎ᠠ ᠶᠢ | ᠣᠶᠢᠯᠠᠭᠠᠵᠤ ᠂ ᠦᠨᠡᠨᠴᠢ ᠰᠢᠳᠤᠷᠭᠤ ᠶᠢ ᠪᠠᠲᠤᠳᠬᠠᠵᠤ ᠂ ᠨᠠᠮᠴᠢ ᠴᠢᠨᠠᠷ ᠢ ᠴᠢᠩᠭᠠᠳᠬᠠᠵᠤ ᠂ ᠲᠤᠭ ᠲᠡᠮᠳᠡᠭ | ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ | ︾ ᠢ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢ | ᠴᠢᠩᠭ᠎ᠠ ᠰᠠᠬᠢᠵᠤ ᠂ ᠨᠠᠮ ᠤᠨ ᠦᠢᠯᠡᠰ ᠤᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ | ᠪᠤᠯᠭᠠᠵᠤ ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ︽ᠵᠢᠷᠭᠤᠭᠠᠨ ᠢᠨᠵᠧᠨᠧᠷᠢᠩ | ︾ ᠢ ᠦᠷᠭᠦᠯᠵᠢᠯᠡᠨ ᠠᠬᠢᠭᠤᠯᠵᠤ ᠂ ︽ᠵᠢᠷᠭᠤᠭᠠᠨ ᠠᠵᠢᠯᠯᠠᠭ᠎ᠠ ︾ ᠶᠢ ᠭᠦᠨᠵᠡᠭᠡᠢ ᠥᠷᠨᠢᠭᠦᠯᠵᠦ ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ | ᠣᠷᠣᠬᠤ ᠪᠠᠷ ᠲᠡᠮᠡᠴᠡᠬᠦ ᠬᠡᠷᠡᠭᠲᠡᠢ ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ | ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ ᠂ ᠱᠠᠯᠠᠪᠳᠠᠨ ᠲᠦᠷᠭᠡᠨ ᠭᠦᠢᠴᠡᠳᠬᠡᠵᠦ ᠂ ᠰᠤᠯᠠᠷᠠᠭᠤᠯᠤᠯ ᠦᠭᠡᠢ | ᠴᠢᠩᠭ᠎ᠠ ᠠᠩᠬᠠᠷᠴᠤ ᠂ ᠠᠰᠠᠭᠤᠳᠠᠯ ᠢ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠵᠤ ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠨ ᠠᠵᠢᠯᠴᠢ ᠬᠢᠴᠢᠶᠡᠩᠭᠦᠢ ᠠᠷᠢᠭᠤᠨ ᠴᠢᠬᠡᠴᠢ ᠥᠨᠳᠥᠷ ᠪᠦᠲᠦᠮᠵᠢᠲᠡᠢ ᠵᠠᠰᠠᠭ ᠤᠨ | ᠣᠷᠳᠣᠨ ᠢ ᠪᠠᠶᠢᠭᠤᠯᠬᠤ ᠬᠡᠷᠡᠭᠲᠡᠢ ᠭᠡᠵᠡᠢ ᠃ | ᠰᠦᠨ ᠵᠢᠶᠦ᠋ᠨ ᠴᠢᠩ ᠬᠤᠷᠠᠯ ᠳᠤ ᠰᠤᠯᠠ ᠣᠷᠣᠯᠴᠠᠵᠠᠢ ᠃ |