ᠴᠠᠭᠠᠨ ᠰᠠᠷ᠎ᠠ ᠤᠶᠢᠷᠠᠳᠬᠤ ᠶᠢ ᠲᠠᠭᠠᠯᠳᠤᠨ᠂ 1 ᠰᠠᠷ᠎ᠠ ᠶᠢᠨ 10 ᠤ ᠡᠳᠦᠷ ᠬᠢᠩᠭᠠᠨ ᠠᠶᠢᠮᠠᠭ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ︵ᠬᠤᠳᠠᠯᠳᠤᠭᠠᠴᠢᠳ ᠤᠨ ᠶᠡᠷᠦᠩᠬᠡᠢ ᠡᠪᠯᠡᠯ︶ ᠠᠴᠠ ᠭᠤᠤᠯᠯᠠᠨ | ᠡᠷᠬᠢᠯᠡᠵᠦ᠂ ᠬᠢᠩᠭᠠᠨ ᠠᠶᠢᠮᠠᠭ ᠤᠨ ᠭᠤᠸᠠᠩ ᠯᠢᠶᠠᠨ ᠬᠤᠳᠠᠯᠳᠤᠭᠠᠨ ᠤ ᠬᠤᠯᠪᠤᠭ᠎ᠠ᠂ ᠬᠢᠩᠭᠠᠨ ᠠᠶᠢᠮᠠᠭ ᠤᠨ | ᠹᠦᠵᠢᠶᠠᠨ ᠤ ᠬᠤᠳᠠᠯᠳᠤᠭᠠᠨ ᠤ ᠬᠤᠯᠪᠤᠭ᠎ᠠ᠂ ᠬᠢᠩᠭᠠᠨ ᠠᠶᠢᠮᠠᠭ ᠤᠨ ᠵᠢᠶᠠᠩᠰᠢ ᠶᠢᠨ ᠬᠤᠳᠠᠯᠳᠤᠭᠠᠨ ᠤ ᠬᠤᠯᠪᠤᠭ᠎ᠠ᠂ | ᠬᠢᠩᠭᠠᠨ ᠠᠶᠢᠮᠠᠭ ᠤᠨ ᠡᠮᠡᠭᠳᠡᠢ ᠠᠵᠦ ᠠᠬᠤᠶᠢᠯᠠᠯᠳᠠᠨ ᠤ ᠬᠤᠯᠪᠤᠭ᠎ᠠ ᠠᠴᠠ ᠲᠠᠭᠠᠭᠠᠴᠢᠯᠠᠨ ᠡᠷᠬᠢᠯᠡᠭᠰᠡᠨ ᠲᠤᠮᠤ | ᠬᠡᠯᠪᠡᠷᠢ ᠶᠢᠨ ᠴᠠᠭᠠᠨ ᠰᠠᠷ᠎ᠠ ᠶᠢᠨ ᠪᠠᠷᠠᠭ᠎ᠠ ᠬᠠᠮᠳᠦᠷᠠᠨ ᠬᠤᠳᠠᠯᠳᠤᠨ ᠠᠪᠬᠤ ᠠᠵᠢᠯᠯᠠᠭ᠎ᠠ ᠵᠢᠴᠢ ᠬᠢᠩᠭᠠᠨ ᠠᠶᠢᠮᠠᠭ ᠤᠨ | ᠨᠡᠷᠡᠳᠦ ᠰᠢᠯᠢᠳᠡᠭ ᠤᠨᠴᠠ ᠪᠦᠳᠦᠭᠡᠭᠳᠡᠬᠦᠨ ᠤ ᠲᠡᠯᠭᠡᠨ ᠪᠤᠷᠤᠯᠠᠭᠤᠯᠬᠤ ᠴᠤᠭᠯᠠᠭᠠᠨ ᠬᠢᠩᠭᠠᠨ ᠠᠶᠢᠮᠠᠭ ᠤᠨ | ᠰᠤᠶᠤᠯ ᠤᠨ ᠲᠦᠪ ︵ᠤᠯᠠᠭᠠᠨᠮᠥ᠋ᠴᠢᠷ ᠤᠨ ᠣᠷᠳᠣᠨ︶ ᠲᠤ ᠡᠬᠢᠯᠡᠨ ᠶᠠᠪᠤᠭᠳᠠᠪᠠ᠃ ᠬᠢᠩᠭᠠᠨ ᠠᠶᠢᠮᠠᠭ ᠤᠨ | ᠰᠢᠭᠤᠳ ᠬᠠᠷᠢᠶ᠎ᠠ ᠪᠠᠶᠢᠭᠤᠯᠤᠯᠭ᠎ᠠ ᠳᠤ ᠬᠠᠷᠢᠶᠠᠯᠠᠭᠳᠠᠬᠤ 18 ᠬᠤᠳᠠᠯᠳᠤᠭᠠᠴᠢᠨ ᠤ ᠨᠡᠶᠢᠭᠡᠮᠯᠢᠭ᠂ 200 ᠭᠠᠷᠤᠢ | ᠠᠵᠦ ᠠᠬᠤᠶᠢᠯᠠᠯ ᠲᠡᠯᠭᠡᠨ ᠪᠤᠷᠤᠯᠠᠭᠤᠯᠭ᠎ᠠ ᠴᠤᠭᠯᠠᠭᠠᠨ ᠳᠤ ᠤᠷᠤᠯᠴᠠᠪᠠ᠃ | ᠠᠵᠢᠯᠯᠠᠭ᠎ᠠ ᠶᠢᠨ ᠲᠤᠬᠠᠢ ᠶᠢᠨ ᠡᠳᠦᠷ᠂ ᠤᠯᠠᠭᠠᠨᠮᠥ᠋ᠴᠢᠷ ᠤᠨ ᠣᠷᠳᠣᠨ ᠤ ᠶᠡᠭᠡ ᠲᠢᠶᠠᠳ᠋ᠷ ᠤᠨ ᠡᠮᠦᠨ᠎ᠡ | ᠲᠢᠩᠬᠢᠮ ᠳᠤ ᠬᠦᠮᠦᠨ ᠬᠠᠷ᠎ᠠ ᠰᠦᠯᠵᠢᠯᠳᠦᠵᠦ᠂ ᠬᠦᠷ ᠨᠠᠷᠬᠢᠶᠠᠨ ᠢᠶᠠᠷ ᠪᠢᠯᠬᠠᠨ᠎ᠠ᠃ ᠬᠤᠶᠠᠷ ᠵᠠᠭᠤ ᠰᠢᠬᠠᠮ ᠠᠵᠤ | ᠠᠬᠤᠶᠢᠯᠠᠯ ᠤᠨ ᠡᠳᠦᠷ ᠲᠤᠲᠤᠮ ᠤᠨ ᠬᠡᠷᠡᠭᠯᠡᠭᠡᠨ ᠤ ᠪᠠᠷᠠᠭ᠎ᠠ᠂ ᠠᠷᠢᠬᠢ ᠤᠮᠳᠠᠭᠠᠨ᠂ ᠰᠢᠬᠢᠷ ᠵᠢᠮᠢᠰ᠂ ᠭᠠᠷ | ᠤᠷᠠᠯᠠᠯ ᠤᠨ ᠪᠦᠲᠦᠭᠡᠭᠳᠡᠬᠦᠨ ᠵᠡᠷᠭᠡ ᠲᠠᠸᠠᠷ ᠴᠥᠮ ᠪᠦᠷᠢᠨ ᠪᠠᠶᠢᠵᠤ᠂ ᠠᠳᠠᠯᠢ ᠪᠤᠰᠤ ᠬᠡᠷᠡᠭᠯᠡᠭᠴᠢᠳ ᠤᠨ ᠪᠠᠷᠠᠭ᠎ᠠ | ᠬᠤᠳᠠᠯᠳᠤᠨ ᠠᠪᠬᠤ ᠬᠡᠷᠡᠭᠴᠡᠭᠡ ᠶᠢ ᠬᠦᠢᠴᠡᠳ ᠬᠠᠩᠭᠠᠪᠠ᠃ | ︽ᠮᠠᠨ ᠤ ᠰᠠᠶ᠋ᠢ ᠲᠡᠯᠭᠡᠬᠦᠷ ᠡᠷᠭᠢᠯᠡᠵᠤ ᠪᠠᠶᠢᠭ᠎ᠠ ᠬᠦᠮᠦᠨ ᠳᠤ ᠠᠪᠴᠦ ᠬᠡᠯᠡᠪᠡᠯ ᠵᠠᠰᠠᠭ ᠤᠨ ᠤᠷᠳᠤᠨ ᠠᠴᠠ | ᠪᠢᠳᠡᠨ ᠳᠤ ᠦᠨᠡᠭᠡᠷ ᠰᠠᠶᠢᠬᠠᠨ ᠲᠠᠪᠴᠠᠩ ᠬᠠᠩᠭᠠᠯ᠎ᠠ᠂ ᠲᠤᠰ ᠤᠳᠠᠭ᠎ᠠ ᠪᠢᠳᠡ 20 ᠭᠠᠷᠤᠢ ᠲᠦᠷᠦᠯ ᠤᠨ ᠴᠠᠭᠠᠨ | ᠢᠳᠡᠭᠡᠨ ᠠᠪᠴᠢᠷᠠᠯ᠎ᠠ᠂ ᠬᠤᠳᠠ ᠶᠢᠨ ᠠᠷᠠᠳ ᠤᠨ ᠬᠦᠷᠢᠶᠡᠯᠡᠯ ᠢ ᠬᠦᠨ ᠬᠦᠷᠳᠡᠭᠰᠡᠨ ᠪᠠᠶᠢᠨ᠎ᠠ︾ ᠭᠡᠵᠦ ᠬᠤᠷᠴᠢᠨ | ᠪᠠᠷᠠᠭᠤᠨ ᠭᠠᠷᠤᠨ ᠡᠮᠦᠨᠡᠳᠦ ᠬᠤᠰᠢᠭᠤᠨ ᠤ ᠲᠠᠭᠤᠯᠠ ᠡᠵᠢ ᠴᠠᠭᠠᠨ ᠢᠳᠡᠭᠡᠨ ᠤ ᠲᠡᠯᠭᠡᠬᠦᠷ ᠤᠨ ᠡᠵᠡᠩᠨᠡᠭᠴᠢ ᠵᠤᠯᠠ | ᠪᠠᠶᠠᠷᠳᠠᠢ ᠬᠡᠯᠡᠨ᠎ᠡ᠃ | ᠡᠯᠪᠡᠭ ᠳᠡᠯᠪᠡᠭ ᠴᠠᠭᠠᠨ ᠰᠠᠷ᠎ᠠ ᠶᠢᠨ ᠪᠠᠷᠠᠭ᠎ᠠ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ | ᠪᠠᠰᠠ ᠬᠡᠷᠡᠭᠯᠡᠭᠡᠨ ᠤ ᠲᠡᠮᠳᠡᠭᠳᠦ ᠰᠤᠭᠤᠯᠬᠤ ᠠᠵᠢᠯᠯᠠᠭ᠎ᠠ ᠦᠷᠨᠢᠬᠦᠯᠵᠦ᠂ ᠮᠠᠰᠢ ᠣᠯᠠᠨ ᠬᠤᠲᠠ ᠶᠢᠨ ᠠᠷᠠᠳ ᠪᠠ | ᠵᠢᠭᠤᠯᠴᠢᠯᠠᠭᠴᠢᠳ ᠢᠳᠡᠪᠬᠢᠲᠡᠶ ᠤᠷᠤᠯᠴᠠᠪᠠ᠃ ᠤᠷᠠᠨ ᠪᠢᠴᠢᠯᠭᠡᠲᠡᠨ ᠨᠡᠷ ᠲᠤᠬᠠᠶ ᠶᠢᠨ ᠲᠠᠯᠠᠪᠠᠶ ᠳᠤ ᠪᠢᠷ ᠪᠡᠭᠡ ᠪᠠᠨ | ᠬᠤᠷᠦ᠋ᠢᠯᠠᠵᠤ᠂ ᠬᠤᠲᠠ ᠶᠢᠨ ᠠᠷᠠᠳ ᠪᠣᠯᠤᠨ ᠵᠢᠭᠤᠯᠴᠢᠯᠠᠭᠴᠢᠳ ᠲᠤ ᠦᠨ᠎ᠡ ᠲᠦᠯᠦᠪᠦᠷᠢ ᠦᠭᠡᠢ ᠪᠠᠷ ᠬᠤᠣᠰ | ᠤᠶᠠᠩᠭ᠎ᠠ ᠪᠢᠴᠢᠵᠦ ᠦᠭᠬᠦᠨ᠂ ᠰᠢᠨ᠎ᠡ ᠵᠢᠯ ᠤᠨ ᠰᠠᠶᠢᠨ ᠰᠠᠶᠢᠬᠠᠨ ᠢ ᠪᠡᠯᠭᠡᠳᠡᠵᠦ ᠪᠠᠶᠢᠯ᠎ᠠ᠃ ᠳᠤᠮᠳᠠᠳᠤ ᠤᠯᠤᠰ ᠤᠨ | ᠰᠢᠤᠳᠠᠨ ᠤ ᠦᠢᠯᠡᠰ ᠤᠨ ᠬᠢᠨ ᠴᠦ ᠲᠤᠬᠠᠢ ᠶᠢᠨ ᠲᠠᠯᠠᠪᠤᠷ ᠲᠤ ᠰᠢᠤᠳᠠᠨ ᠢᠶᠠᠷ ᠢᠯᠡᠭᠡᠬᠦ ᠦᠢᠯᠡᠴᠢᠯᠡᠭᠡ ᠬᠠᠩᠭᠠᠵᠦ᠂ | ᠭᠠᠳᠠᠨ᠎ᠠ ᠭᠠᠵᠠᠷ ᠣᠷᠣᠨ ᠤ ᠲᠥᠷᠥᠯ ᠰᠠᠳᠤᠨ ᠨᠠᠶᠢᠵᠠ ᠨᠥᠬᠦᠳ ᠲᠡᠭᠡᠨ ᠬᠢᠩᠭᠠᠨ ᠠᠶᠢᠮᠠᠭ ᠤᠨ ᠪᠦᠳᠦᠭᠡᠭᠳᠡᠬᠦᠨ ᠢ | ᠢᠯᠡᠭᠡᠬᠦ ᠳᠤ ᠲᠦᠬᠦᠮ ᠲᠦᠳᠡ ᠨᠦᠬᠦᠴᠡᠯ ᠬᠠᠩᠭᠠᠪᠠ᠃ ᠡᠬᠦᠨ ᠤ ᠲᠠᠭᠠᠤ᠂ ᠤᠯᠠᠭᠠᠨᠬᠤᠳᠠ ᠶᠢᠨ ᠭᠠᠢ ᠶᠠ | ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠶᠤᠤ ᠴᠠᠩ ᠬᠠᠢ ᠴᠤ 15 ᠲᠦᠮᠡᠨ ᠲᠦᠭᠦᠷᠢᠭ ᠵᠠᠷᠤᠴᠠᠭᠤᠯᠤᠨ | ᠰᠢᠨ᠎ᠡ ᠵᠢᠯ ᠤᠨ ᠪᠠᠷᠠᠭ᠎ᠠ ᠪᠡᠯᠡᠳᠭᠡᠵᠦ᠂ ᠤᠯᠠᠭᠠᠨᠬᠤᠳᠠ ᠶᠢᠨ ᠤᠷᠴᠢᠨ ᠲᠤᠭᠤᠷᠢᠨ ᠡᠷᠡᠬᠦᠯ ᠬᠠᠮᠠᠭᠠᠯᠠᠯ ᠤᠨ 1500 | ᠭᠠᠷᠤᠢ ᠠᠵᠢᠯᠳᠠᠨ ᠳᠤ ᠲᠠᠷᠬᠠᠭᠠᠨ ᠦᠭᠪᠡ᠃ | ︽ᠡᠨᠡᠬᠦ ᠴᠠᠭᠠᠨ ᠰᠠᠷ᠎ᠠ ᠶᠢᠨ ᠪᠠᠷᠠᠭᠠᠨ ᠤ ᠴᠤᠭᠯᠠᠭ᠎ᠠ ᠮᠠᠶᠢᠮᠠᠢ ᠳᠤ ᠡᠯ᠎ᠡ ᠵᠦᠢᠯ ᠤᠨ ᠪᠠᠷᠠᠭ᠎ᠠ ᠬᠦᠢᠴᠡᠳ ᠪᠠᠶᠢᠨ᠎ᠠ | ᠂ ᠡᠳᠡᠭᠡᠷ ᠤᠨ ᠲᠤᠮᠳᠠ ᠠᠴᠠ ᠪᠢ ᠦᠪᠡᠷ ᠤᠨ ᠬᠡᠷᠡᠭᠴᠡᠭᠡ ᠪᠠᠨ ᠦᠨᠳᠦᠰᠦᠯᠡᠨ ᠬᠡᠳᠦᠨ ᠵᠦᠢᠯ ᠤᠨ ᠪᠠᠷᠠᠭ᠎ᠠ | ᠬᠤᠳᠠᠯᠳᠤᠨ ᠠᠪᠤᠭᠰᠠᠨ ᠰᠢᠦ᠂ ᠤᠨᠴᠠᠭᠠᠶᠢᠯᠠᠨ ︿ᠬᠥᠯᠳᠡᠭᠡᠭᠰᠡᠨ ᠪᠠᠷᠠᠭ᠎ᠠ﹀ ᠶᠢᠨ ᠶᠠᠰᠤ ᠴᠢᠨᠠᠷ ᠨᠢ ᠰᠠᠶᠢᠨ | ᠮᠥᠷᠲᠡᠭᠡᠨ ᠦᠨ᠎ᠡ ᠬᠠᠩᠰᠢ ᠨᠢ ᠴᠦ ᠳᠤᠬᠢᠷᠠᠮᠵᠢᠳᠠᠢ᠂ ᠮᠠᠨ ᠤ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠤᠯᠵᠦ | ᠪᠠᠶᠢᠨ᠎ᠠ︾ ᠭᠡᠵᠦ ᠬᠤᠳᠠ ᠶᠢᠨ ᠠᠷᠠᠳ ᠬᠠᠢ ᠠᠪᠠᠭ᠋ᠠᠢ ᠪᠠᠶᠠᠷᠯᠠᠨ ᠬᠡᠯᠡᠵᠦ ᠪᠠᠶᠢᠯ᠎ᠠ᠃ |