ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠸᠠᠩ ᠵᠢᠶᠠ ᠵᠢᠶᠦ᠋ᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/1/15
   1 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠵᠢᠶᠠ ᠵᠢᠶᠦ᠋ᠨ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠲᠦᠴᠢᠦᠸᠠᠨ ᠰᠢᠶᠠᠨ ᠤ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ‍ᠤᠨ‌‍ᠪᠦ᠋ᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠷᠪᠢᠯᠠᠨ ᠭᠠᠷᠭᠠᠬᠤ ᠭᠦᠶᠴᠡᠳᠬᠡᠯ ᠲᠤᠭ᠎ᠠ ᠳᠤ ᠮᠤᠵᠢ ᠠᠯᠤᠰᠯᠠᠨ ᠲᠣᠬᠢᠷᠠᠭᠤᠯᠤᠯᠲᠠ ᠬᠢᠬᠦ ᠲᠥᠷᠥᠯ ᠵᠦᠶᠯ ᠵᠡᠷᠭᠡ ᠵᠦᠶᠯᠡᠰ ᠢ ᠰᠤᠳᠤᠯᠪᠠ᠃    ᠬᠤᠷᠠᠯ ᠠᠴᠠ᠂ ᠴᠡᠴᠡᠷᠯᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠤᠨ ᠬᠢᠨ ᠠᠷᠢᠭᠤᠨ ᠴᠡᠪᠡᠷ  ᠢ ᠬᠠᠮᠠᠭᠠᠯᠠᠬᠤ ᠡᠩᠨᠡᠭᠡ ᠶᠢ ᠪᠦᠷᠢᠨ ᠭᠦᠶᠴᠡᠳ ᠴᠢᠩᠭ᠎ᠠ ᠲᠣᠬᠢᠷᠠᠭᠤᠯᠵᠤ᠂ ᠵᠠᠬ᠎ᠠ ᠳᠡᠯᠭᠡᠭᠦᠷ ᠤᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ ᠠᠷᠢᠭᠤᠨ ᠴᠡᠪᠡᠷ ᠢ ᠬᠠᠮᠠᠭᠠᠯᠠᠬᠤ ᠠᠵᠢᠯᠲᠠᠨ ᠢ ᠵᠠᠬ᠎ᠠ ᠳᠡᠯᠭᠡᠭᠦᠷ ᠲᠤ ᠣᠷᠣᠭᠤᠯᠵᠤ ᠰᠠᠭᠤᠯᠭᠠᠨ᠂ ᠬᠠᠮᠢᠶᠠᠷᠤᠯᠲᠠ ᠶᠢᠨ ᠲᠥᠰᠦᠯ ᠶᠣᠰᠣᠭᠠᠷ ᠴᠢᠩᠭ᠎ᠠ ᠬᠠᠮᠢᠶᠠᠷᠴᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠲᠡᠭᠰᠢ ᠪᠠᠶᠢᠬᠤ ᠶᠢ ᠦᠨᠡᠨ ᠬᠦ ᠪᠠᠲᠤᠯᠠᠵᠤ᠂ ᠬᠤᠳᠠᠯᠳᠤᠭ᠎ᠠ ᠬᠤᠳᠠᠯᠳᠤᠨ ᠠᠪᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ ᠠᠷᠪᠢᠯᠠᠨ ᠭᠠᠷᠭᠠᠬᠤ ᠭᠦᠶᠴᠡᠳᠬᠡᠯ ᠲᠤᠭ᠎ᠠ ᠶᠢ ᠮᠤᠵᠢ ᠠᠯᠤᠰᠯᠠᠨ ᠲᠣᠬᠢᠷᠠᠭᠤᠯᠬᠤ ᠲᠥᠷᠥᠯ ᠵᠦᠶᠯ ᠢ ᠴᠢᠩᠭ᠎ᠠ ᠴᠤᠪᠤᠷᠠᠯ ᠶᠣᠰᠣᠭᠠᠷ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠪᠥᠬᠦ ᠴᠤᠪᠤᠷᠠᠯ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠳᠠᠬᠢᠨ ᠬᠠᠭᠠᠯᠪᠤᠷᠢᠯᠠᠭᠰᠠᠨ ᠤ ᠳᠠᠷᠠᠭᠠᠬᠢ ᠲᠠᠷᠢᠶᠠᠨ ᠭᠠᠵᠠᠷ ᠢ ᠣᠷᠳᠣ ᠬᠤᠭᠤᠴᠠᠭ᠎ᠠ ᠪᠠᠷ ᠲᠣᠭᠲᠠᠭᠤᠨ ᠠᠰᠢᠭᠯᠠᠵᠤ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ 2025 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号