ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠥᠬᠦᠳᠡ ᠬᠤᠷᠠᠯ ᠬᠤᠷᠠᠯᠳᠤᠭᠤᠯᠪᠠ ᠸᠠᠩ ᠵᠢᠶᠠ ᠵᠢᠶᠦ᠋ᠨ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/1/15
   1 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠵᠢᠶᠠ ᠵᠢᠶᠦ᠋ᠨ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠪᠦᠬᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ 2025 ᠣᠨ ᠤ ᠭᠤᠣᠯᠳᠠᠯᠭ᠎ᠠ  ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠭᠰᠠᠨ ᠨᠢ᠂ 2025 ᠣᠨ ᠪᠣᠯ ᠬᠤᠶᠠᠷ ᠲᠠᠪᠤᠨ ᠵᠢᠯ ᠤᠨ ᠲᠥᠯᠥᠪᠵᠢᠭᠦᠯᠭᠡ ᠶᠢ ᠵᠣᠯᠭᠠᠭᠤᠯᠬᠤ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠪᠦᠬᠦ ᠰᠢᠶᠠᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠪᠦᠬᠦ ᠵᠢᠯ ᠤᠨ ᠡᠭᠦᠷᠭᠡ ᠬᠠᠷᠠᠯᠲᠠ ᠪᠠᠨ ᠲᠣᠭᠲᠠᠭᠠᠵᠤ ᠂ ᠡᠯ᠎ᠡ ᠵᠦᠢᠯ ᠤᠨ ᠠᠵᠢᠯ ᠢᠶᠠᠨ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠴᠢᠩᠭᠠᠳᠬᠠᠭᠰᠠᠨ ᠨᠢ᠂ ᠵᠠᠮ ᠬᠠᠷᠢᠯᠴᠠᠭᠠᠨ ᠤ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ  ᠢ ᠢᠳᠡᠪᠬᠢᠲᠡᠢ ᠲᠡᠮᠡᠴᠡᠨ ᠣᠯᠵᠤ᠂ ᠲᠦᠴᠢᠦᠸᠠᠨ ᠤ ᠪᠤᠷᠤ ᠰᠠᠷᠢᠮᠰᠠᠭ᠂ ᠪᠤᠷᠴᠠᠭ ᠤᠨ ᠡᠭᠡᠳᠡᠩ᠂ ᠡᠯᠡᠰᠦᠨ ᠵᠢᠮᠢᠰ ᠢ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠢᠶᠠᠷ ᠭᠡᠷᠡᠴᠢᠯᠡᠬᠦ ᠲᠠᠸᠠᠷ ᠤᠨ ᠳᠡᠮᠳᠡᠭ ᠢᠶᠠᠷ ᠭᠤᠶᠤᠴᠢᠯᠠᠨ ᠮᠡᠳᠡᠭᠦᠯᠬᠦ ᠶᠢ ᠠᠬᠢᠭᠤᠯᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠡᠯ᠎ᠡ ᠵᠦᠢᠯ  ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠨᠢᠭᠡ ᠶᠢ ᠲᠠᠲᠠᠬᠤ ᠨᠢᠭᠡ ᠶᠢ ᠳᠡᠭᠡᠭᠰᠢᠯᠡᠭᠦᠯᠬᠦ‍ ᠨᠢᠭᠡ ᠶᠢ ᠨᠡᠶᠢᠯᠡᠭᠦᠯᠬᠦ‍ ᠨᠢᠭᠡ ᠶᠢ ᠣᠯᠭᠤᠬᠤ︾ ᠶᠢᠨ ᠲᠣᠭᠤᠷᠢᠨ ᠳᠤ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠲᠠᠪᠤ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠶᠢᠨ ᠲᠣᠭᠤᠷᠢᠨ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ‍ ᠨᠢᠭᠡ ᠪᠦᠯᠦᠭ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠦᠷᠭᠦᠯᠵᠢᠯᠡᠨ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠵᠣᠬᠢᠴᠠᠭᠤᠯᠤᠨ ᠪᠠᠲᠤᠯᠠᠬᠤ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠣᠨᠣᠴᠠᠲᠠᠢ ᠪᠠᠷ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ︔ ᠴᠢᠬᠤᠯᠠ ᠶᠡᠭᠡ ᠲᠥᠷᠥᠯ ᠵᠦᠶᠯ ᠢ ᠲᠥᠯᠥᠪᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠶᠢ ᠲᠦᠷᠭᠡᠳᠬᠡᠨ ᠠᠬᠢᠭᠤᠯᠵᠤ᠂ ᠠᠷᠰᠠᠷ ᠠᠵᠢᠯ ᠤᠨ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ  ᠢᠶᠠᠨ ᠠᠬᠢᠭᠤᠯᠵᠤ᠂ 2025 ᠣᠨ ᠤ ᠴᠢᠬᠤᠯᠠ ᠶᠡᠭᠡ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠠᠪᠤᠳᠠᠯ ᠢ ᠰᠠᠶᠢᠲᠤᠷ ᠲᠥᠯᠥᠪᠵᠢᠭᠦᠯᠬᠦ ᠬᠡᠷᠡᠭᠲᠡᠶ︔ ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠤ ᠭᠤᠣᠯᠳᠠᠯᠭ᠎ᠠ  ᠲᠠᠢ ᠲᠦᠷᠦᠯ ᠵᠦᠢᠯ ᠢ ᠴᠢᠨᠠᠭᠰᠢᠳᠠ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ᠂ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ︔ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠢᠰᠲ᠋ᠧᠮ ᠤᠨ ᠪᠠᠲᠤᠯᠠᠭ᠎ᠠ ᠶᠢ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠷᠭᠦᠯᠵᠢᠯᠡᠨ ᠬᠠᠮᠠᠭᠠᠯᠠᠬᠤ ᠬᠡᠷᠡᠭᠲᠡᠢ︔ ᠲᠡᠷᠢᠭᠦᠨ ᠤ ᠲᠤᠷᠰᠢᠯᠭ᠎ᠠ  ᠶᠢ ᠢᠳᠡᠪᠬᠢᠲᠡᠶ ᠰᠤᠷᠤᠯᠴᠠᠵᠤ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠠᠶᠤᠯ ᠥᠬᠡᠶ ᠦᠶᠯᠡᠳᠪᠦᠷᠢᠯᠡᠯ ᠵᠡᠷᠭᠡ ᠬᠦᠷᠢᠶᠡᠨ ᠳᠠᠬᠢ ᠲᠥᠷᠥᠯ ᠵᠦᠶᠯ ᠢ ᠲᠥᠰᠦᠪᠯᠡᠨ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠰᠡᠳᠦᠪ ᠰᠢᠪᠲᠤᠯᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ︔ ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠪᠦᠬᠦ ᠰᠢᠶᠠᠨ ᠤ ᠬᠥᠳᠡᠭᠡ ᠲᠣᠰᠬᠤᠨ ᠤ ᠬᠦᠷᠢᠶᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠢᠰᠲ᠋ᠧᠮ ᠲᠠᠢ ᠰᠤᠳᠤᠯᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠰᠢᠶᠠᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠮᠡᠳᠡᠭᠦᠯᠦᠯᠲᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠲᠠᠢ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠦᠯᠢᠶᠡᠨ ᠠᠪᠴᠤ᠂ ᠴᠠᠭ ᠬᠤᠭᠤᠴᠠᠭ᠎ᠠ ᠶᠢ ᠲᠣᠳᠣᠷᠬᠠᠶᠢᠯᠠᠵᠤ ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ 2025 ᠣᠨ ᠳᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠣᠭᠲᠠᠭᠠᠬᠤ ᠲᠥᠷᠥᠯ ᠵᠦᠶᠯ ᠢ ᠰᠠᠶᠢᠲᠤᠷ ᠬᠡᠷᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠨᠢᠯ ᠢ ᠰᠢᠶᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ︽ᠭᠤᠷᠪᠠᠨ ᠴᠢᠬᠤᠯᠠ ᠨᠢᠭᠡ ᠶᠡᠭᠡ︾ ᠬᠡᠷᠡᠭ ᠵᠥᠪᠯᠡᠬᠦ ᠲᠦᠷᠢᠮ ᠢ ᠴᠢᠩᠭ᠎ᠠ ᠬᠡᠷᠡᠭᠵᠢᠭᠦᠯᠵᠦ ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠪᠤᠴᠠ ᠶᠢ ᠤᠯᠠᠮ ᠴᠢᠨᠠᠭᠰᠢᠳᠠ ᠵᠢᠷᠤᠮᠵᠢᠭᠤᠯᠬᠤ ᠬᠡᠷᠡᠭᠲᠡᠢ᠃ ᠲᠣᠰ ᠬᠦᠷᠢᠶ᠎ᠡ᠂ ᠲᠣᠰ ᠭᠠᠵᠠᠷ ᠣᠷᠣᠨ ᠤ ᠬᠢᠯᠠᠰ ᠴᠡᠭ ᠤᠨ ᠠᠵᠢᠯ ᠢ ᠢᠳᠡᠪᠬᠢᠲᠡᠶ ᠲᠥᠯᠥᠪᠵᠢᠭᠦᠯᠵᠦ᠂ 2025 ᠣᠨ ᠤ ︽ᠪᠠᠬᠢᠵᠢᠭᠦᠯᠦᠨ ᠳᠡᠭᠡᠭᠰᠢᠯᠡᠭᠦᠯᠬᠦ ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠶᠯ  ᠤᠨ ᠠᠵᠢᠯ ᠤᠨ ︽ᠲᠠᠰ ᠳᠡᠪᠰᠢᠭᠰᠡᠨ ᠬᠡᠪ︾ ᠢ ᠴᠣᠭᠴᠠᠯᠠᠬᠤ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号