1 ᠰᠠᠷ᠎ᠠ ᠶᠢᠨ 13 ᠠᠴᠠ 14 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠾᠧ ᠸᠧᠢ ᠥᠪᠥᠷ ᠮᠣᠩᠭᠤᠯ ᠳᠤ ᠢᠷᠡᠵᠤ ︽ᠤᠯᠠᠭᠠᠨ | ᠵᠠᠭᠠᠯᠮᠠᠶᠢᠳᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠭᠡ ᠳᠤ ᠬᠦᠷᠭᠡᠬᠦ ︾ ᠠᠵᠢᠯᠯᠠᠭ᠎ᠠ ᠥᠷᠨᠢᠭᠦᠯᠪᠡ᠃ ᠲᠤᠰ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠾᠧ ᠸᠧᠢ ᠲᠠᠢ ᠪᠠᠷᠠᠳᠠᠨ | ᠠᠭᠤᠯᠵᠠᠪᠠ᠃ | ᠾᠧ ᠸᠧᠢ ᠨᠠᠷ ᠤᠯᠠᠭᠠᠨᠴᠠᠪ ᠬᠤᠳᠠ ᠶᠢᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠬᠦᠷᠴᠦ ᠤᠯᠠᠨ ᠲᠦᠮᠡᠨ ᠢ ᠲᠣᠬᠤᠨᠢᠭᠤᠯᠤᠨ ᠦᠵᠡᠪᠡ᠃ ᠭᠦᠭᠡᠬᠤᠲᠠ ᠳᠤ᠂ ᠾᠧ ᠸᠧᠢ ᠨᠠᠷ | ᠤᠷᠢᠳ ᠬᠤᠵᠢᠳ ᠭᠦᠭᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠪᠠᠶᠢᠭᠤᠯᠭ᠎ᠠ ᠳᠤ ᠬᠦᠷᠴᠦ ᠪᠠᠶᠢᠴᠠᠭᠠᠨ ᠰᠤᠳᠤᠯᠵᠤ ᠰᠠᠨᠠᠯ ᠢᠶᠠᠨ ᠰᠣᠯᠢᠯᠴᠠᠪᠠ᠃ | ᠾᠧ ᠸᠧᠢ ᠥᠪᠥᠷ ᠮᠣᠩᠭᠤᠯ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠡᠦᠬᠡᠨ ᠬᠤᠪᠢ ᠨᠡᠮᠡᠷᠢ ᠪᠣᠯᠣᠨ | ᠣᠶᠢᠷ᠎ᠠ ᠶᠢᠨ ᠵᠢᠯ ᠳᠤ ᠣᠯᠣᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠾᠧ ᠸᠧᠢ᠂ ᠥᠪᠥᠷ | ᠮᠣᠩᠭᠤᠯ ᠤᠨ ᠤᠯᠠᠭᠠᠨ ᠵᠠᠭᠠᠯᠮᠠᠶᠢᠳᠠᠨ ᠤ ᠬᠥᠳᠡᠯᠭᠡᠭᠡᠨ ᠥᠨᠢ ᠤᠳᠠᠭᠠᠨ ᠲᠡᠦᠬᠡ ᠲᠠᠢ᠂ ︽ᠶᠦᠨ ᠱᠦ ᠪᠢ ᠶᠢᠨ | ᠵᠣᠷᠢᠭ ᠰᠠᠨᠠᠭ᠎ᠠ ︾ ᠶᠢ ᠪᠠᠳᠠᠷᠠᠭᠤᠯᠵᠤ᠂ ᠤᠯᠠᠨ ᠵᠦᠢᠯ ᠤᠨ ᠠᠵᠢᠯ ᠪᠦᠭᠦ ᠤᠯᠤᠰ ᠤᠨ ᠡᠮᠦᠨ᠎ᠡ ᠡᠩᠨᠡᠭᠡᠨ ᠳᠤ | ᠣᠷᠣᠵᠠᠢ ᠭᠡᠵᠦ ᠵᠢᠭᠠᠵᠤ ᠭᠠᠷᠭᠠᠪᠠ᠃ | ᠾᠧ ᠸᠧᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠤᠯᠠᠭᠠᠨ ᠵᠠᠭᠠᠯᠮᠠᠶᠢᠳᠠᠨ ᠤ ᠠᠵᠢᠯ ᠢ ᠨᠠᠮ ᠪᠣᠯᠣᠨ ᠤᠯᠤᠰ ᠤᠨ ᠠᠵᠢᠯ ᠤᠨ ᠪᠦᠭᠦ ᠲᠠᠯ᠎ᠠ᠂ | ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ᠂ ᠨᠠᠮ ᠪᠣᠯᠣᠨ ᠵᠠᠰᠠᠭ ᠤᠨ ᠣᠷᠳᠣᠨ ᠤ ᠬᠥᠮᠦᠯᠢᠭ ᠦᠵᠡᠯ ᠤᠨ | ᠬᠦᠷᠢᠶᠡᠨ ᠳᠠᠬᠢ ᠬᠠᠪᠰᠤᠷᠤᠭᠴᠢ ᠪᠣᠯᠣᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ ︽ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ | ᠣᠯᠠᠨ ᠲᠦᠮᠡᠨᠴᠢ ᠴᠢᠨᠠᠷ ︾ ᠤᠨ ᠳᠣᠲᠣᠭᠠᠳᠤ ᠱᠠᠭᠠᠷᠳᠠᠯᠭ᠎ᠠ ᠪᠣᠯᠣᠨ ᠴᠢᠬᠤᠯᠠ ᠠᠴᠢ ᠬᠤᠯᠪᠣᠭᠳᠠᠯ ᠢ | ᠣᠨᠣᠪᠴᠢᠲᠠᠶ ᠡᠵᠡᠮᠳᠡᠵᠦ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠤᠯᠠᠭᠠᠨ ᠵᠠᠭᠠᠯᠮᠠᠶᠢᠳᠠᠨ ᠤ ᠦᠢᠯᠡᠰ ᠤᠨ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠨᠡᠶᠢᠳᠡ ᠶᠢᠨ ᠢᠲᠡᠭᠡᠭᠦᠯᠬᠦ ᠬᠦᠴᠦᠨ ᠢ ᠦᠷᠭᠦᠯᠵᠢᠯᠡᠨ | ᠴᠢᠩᠭᠠᠳᠬᠠᠵᠤ᠂ ᠢᠯᠡ ᠲᠣᠳᠣ ᠪᠠᠶᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠢᠳᠡᠪᠬᠢᠲᠡᠢ ᠬᠦᠴᠦᠨ ᠨᠡᠮᠡᠷᠢᠯᠡᠵᠦ᠂ ᠳᠡᠯᠡᠬᠡᠢ ᠶᠢᠨ | ᠬᠥᠮᠦᠯᠢᠭ ᠦᠵᠡᠯ ᠤᠨ ᠦᠢᠯᠡᠰ ᠲᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠣᠷᠣᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠠᠭᠠᠨ ᠵᠠᠭᠠᠯᠮᠠᠶᠢᠳᠠᠨ ᠤ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠱᠢ ᠭᠤᠸᠠᠩ ᠬᠤᠶ᠂ ᠬᠦᠦᠳᠠᠭᠤᠯᠠ᠂ ᠠᠢ ᠯᠢ ᠬᠤᠸᠠ᠂ | ᠴᠢ᠊ ᠪᠠᠲᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠡᠷᠡᠭ ᠬᠢᠨᠠᠭᠴᠢᠳ ᠤᠨ | ᠵᠥᠪᠯᠡᠯ ᠤᠨ ᠲᠤᠰᠬᠠᠢ ᠲᠤᠰᠢᠶᠠᠯᠲᠤ ᠳᠡᠳ᠋ ᠬᠡᠷᠡᠭ ᠬᠢᠨᠠᠭᠴᠢᠳ ᠤᠨ ᠳᠠᠷᠤᠭ᠎ᠠ ᠵᠠᠩ ᠰᠢᠶᠣᠣ ᠪᠢᠨ ᠨᠠᠷ ᠲᠣᠰ ᠲᠣᠰ | ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ |