ᠲᠥᠪ ᠪᠠᠩᠬᠢ ᠠᠷᠠᠳ ᠤᠨ ᠵᠣᠭᠤᠰ ᠤᠨ ᠲᠤᠬᠠᠢ ᠮᠡᠳᠡᠭᠡ ᠨᠡᠶᠢᠲᠡᠯᠡᠪᠡ︕
ᠨᠡᠶᠢᠲᠡᠯᠡᠭᠰᠡᠨ ᠴᠠᠭ᠄
2025/1/17
   ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ 14 ᠤ ᠡᠳᠦᠷ ︽ᠳᠤᠮᠳᠠᠳᠤ ᠤᠯᠤᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠮᠵᠢ︾ ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠳᠡᠳ᠋ ᠳᠠᠷᠤᠭ᠎ᠠ ᠰᠢᠤᠸᠠᠨ ᠴᠠᠩ ᠨᠸᠡᠭ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ᠂ ᠣᠯᠠᠨ ᠤᠯᠤᠰ ᠤᠨ ᠵᠣᠭᠤᠰᠣᠨ ᠤ ᠰᠢᠰᠲ᠋ᠧᠮ ᠤᠨ ᠣᠯᠠᠨ ᠡᠰᠢᠵᠢᠨ ᠬᠥᠭᠵᠢᠬᠦ ᠠᠯᠬᠤᠴᠠ ᠲᠦᠷᠭᠡᠳᠬᠦ ᠶᠢ ᠳᠠᠭᠠᠯᠳᠤᠨ᠂ ᠠᠵᠤ ᠠᠬᠤᠶ ᠶᠢᠨ ᠪᠡᠶᠡᠴᠢ ᠴᠣᠭᠴᠠ ᠶᠢᠨ ᠠᠷᠠᠳ ᠤᠨ ᠵᠣᠭᠤᠰ ᠢ ᠬᠡᠷᠡᠭᠯᠡᠨ ᠠᠷᠠᠯᠵᠢᠶᠠᠨ ᠤ ᠲᠡᠰᠦᠯᠦᠨ ᠪᠤᠳᠤᠬᠤ ᠪᠠ ᠪᠠᠯᠠ ᠣᠷᠣᠭᠤᠯᠵᠤ ᠪᠠᠯᠠ ᠳᠣᠭᠢᠷᠠᠭᠤᠯᠬᠤ ᠳᠣᠲᠣᠭᠠᠳᠤ ᠬᠡᠷᠡᠭᠴᠡᠭᠡ ᠲᠠᠰᠤᠷᠠᠯᠲᠠ ᠥᠬᠡᠶ ᠴᠢᠩᠭᠠᠷᠠᠵᠤ ᠪᠠᠶᠢᠨ᠎ᠠ᠃ ᠢᠯᠠᠩᠭᠤᠶ᠎ᠠ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠠᠴᠠ ᠨᠠᠭᠠᠰᠢ᠂ ᠬᠡᠷᠡᠭᠴᠡᠭᠡ ᠲᠠᠰᠤᠷᠠᠯᠳᠠ ᠦᠭᠡᠢ ᠴᠢᠩᠭᠠᠷᠠᠪᠠ᠃ ᠠᠷᠠᠳ ᠤᠨ ᠪᠠᠩᠬᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠴᠠᠭ ᠲᠤᠬᠠᠶ ᠳᠤᠨᠢ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠤᠨ ᠵᠣᠭᠤᠰ ᠤᠨ ᠬᠢᠯᠢ ᠠᠯᠤᠰᠯᠠᠨ ᠬᠡᠷᠡᠭᠯᠡᠬᠦ ᠶᠢ ᠳᠡᠮᠵᠢᠬᠦ ᠳᠥᠭᠦᠮᠴᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶ ᠶᠢᠨ ᠪᠡᠶᠡᠴᠢ ᠴᠣᠭᠴᠠ ᠶᠢᠨ ᠬᠢᠯᠢ ᠠᠯᠤᠰᠯᠠᠭᠰᠠᠨ ᠠᠷᠠᠯᠵᠢᠶᠠᠨ ᠤ ᠪᠠᠯᠠ ᠣᠷᠣᠭᠤᠯᠤᠯᠲᠠ ᠶᠢᠨ ᠲᠡᠰᠦᠯᠦᠨ ᠪᠤᠳᠤᠯᠲᠠ ᠳᠤ ᠨᠠᠩ ᠣᠯᠠᠨ ᠵᠣᠭᠤᠰᠣᠨ ᠤ ᠲᠥᠷᠥᠯ ᠤᠨ ᠰᠣᠩᠭᠤᠯᠲᠠ ᠶᠢ ᠬᠠᠩᠭᠠᠪᠠ᠃ ᠠᠷᠠᠳ ᠤᠨ ᠵᠣᠭᠤᠰ ᠤᠨ ᠤᠯᠠᠨ ᠤᠯᠤᠰ ᠤᠨ ᠬᠡᠷᠡᠭᠯᠡᠭᠡᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠭᠰᠡᠨ ᠶᠡᠷᠦᠩᠬᠡᠢ ᠪᠠᠶᠢᠳᠠᠯ ᠠᠴᠠ ᠦᠵᠡᠪᠡᠯ᠂ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠠᠷᠠᠳ ᠤᠨ ᠵᠣᠭᠤᠰ ᠤᠨ ᠤᠯᠠᠨ ᠤᠯᠤᠰ ᠤᠨ ᠬᠡᠷᠡᠭᠯᠡᠭᠡᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠲᠣᠭᠲᠠᠭᠤᠨ ᠢᠶᠠᠷ ᠳᠡᠭᠡᠭᠰᠢᠯᠡᠵᠦ᠂ ᠬᠢᠯᠢ ᠠᠯᠤᠰᠯᠠᠭᠰᠠᠨ ᠠᠷᠠᠳ ᠤᠨ ᠵᠣᠭᠤᠰ ᠤᠨ ᠲᠤᠬᠠᠶᠢᠯᠠᠭᠰᠠᠨ ᠠᠵᠢᠯ ᠤᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠦᠷᠭᠦᠯᠵᠢᠯᠡᠨ ᠴᠢᠩᠭᠠᠷᠠᠵᠠᠢ ᠬᠡᠪᠠ᠃    ᠲᠤᠭᠠᠴᠠᠭ᠎ᠠ ᠬᠢᠬᠦ ᠴᠢᠳᠠᠮᠵᠢ ᠶᠢᠨ ᠲᠠᠯ᠎ᠠ ᠪᠠᠷ᠂ ᠠᠷᠠᠳ ᠤᠨ ᠵᠣᠭᠤᠰ ᠨᠢ ᠣᠲᠣ ᠨᠢᠭᠡᠨᠲᠡ ᠪᠥᠬᠦ ᠳᠡᠯᠡᠬᠡᠶ ᠶᠢᠨ ᠳᠥᠷᠪᠡᠳᠦᠭᠡᠷ ᠲᠤ ᠣᠷᠣᠬᠤ ᠲᠤᠭᠠᠴᠠᠭ᠎ᠠ ᠬᠢᠬᠦ ᠵᠣᠭᠤᠰ ᠪᠣᠯᠪᠠ᠃ ᠨᠢᠳᠤᠨᠤᠨ᠂ ᠠᠷᠠᠳ ᠤᠨ ᠵᠣᠭᠤᠰ ᠤᠨ ᠬᠢᠯᠢ ᠠᠯᠤᠰᠯᠠᠭᠰᠠᠨ ᠣᠷᠣᠯᠭ᠎ᠠ ᠵᠠᠷᠤᠯᠭ᠎ᠠ ᠶᠢᠨ ᠵᠣᠭᠤᠰ ᠤᠨ ᠲᠤᠭ᠎ᠠ ᠪᠠᠷᠤᠭ 64 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 23% ᠪᠠᠷ ᠨᠡᠮᠡᠭᠳᠡᠵᠠᠢ᠃    ᠪᠠᠯᠠ ᠴᠤᠬᠯᠠᠭᠤᠯᠬᠤ ᠴᠢᠳᠠᠮᠵᠢ ᠶᠢᠨ ᠲᠠᠯ᠎ᠠ ᠪᠠᠷ᠂ ᠠᠷᠠᠳ ᠤᠨ ᠵᠣᠭᠤᠰ ᠨᠢ ᠪᠥᠬᠦ ᠪᠥᠮᠪᠥᠷᠴᠡᠭ ᠤᠨ ᠲᠦᠷᠦᠭᠦᠦ ᠭᠤᠷᠪᠠᠨ ᠶᠡᠭᠡ ᠠᠷᠠᠯᠵᠢᠶᠠᠨ ᠤ ᠪᠠᠯᠠ ᠴᠤᠬᠯᠠᠭᠤᠯᠬᠤ ᠵᠣᠭᠤᠰ ᠪᠣᠯᠪᠠ᠃ 2024 ᠣᠨ ᠳᠤ ᠭᠠᠳᠠᠭᠠᠳᠤ ᠪᠠᠯᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠳᠤᠮᠳᠠᠳᠤ ᠤᠯᠤᠰ ᠲᠤ ᠢᠷᠡᠵᠦ 2000 ᠳ᠋ᠦᠩᠰᠢᠭᠤᠷ ᠲᠥᠭᠦᠷᠢᠭ ᠤᠨ ᠮᠠᠯᠤᠷ ᠥᠲᠡᠭᠡ ᠵᠢᠭᠡᠯᠡᠯᠭᠡ ᠲᠠᠷᠬᠠᠭᠠᠵᠤ᠂ ᠠᠳᠠᠯᠢ ᠬᠤᠭᠤᠴᠠᠭᠠᠨ ᠤ ᠬᠢ ᠠᠴᠠ ᠪᠠᠨ 32% ᠢᠶᠠᠷ ᠨᠡᠮᠡᠭᠳᠡᠵᠦ᠂ ᠬᠢᠯᠢ ᠶᠢᠨ ᠭᠠᠳᠠᠨᠠᠬᠢ ᠠᠷᠠᠳ ᠤᠨ ᠵᠣᠭᠤᠰᠣᠨ ᠤ ᠵᠢᠭᠡᠯᠡᠯᠭᠡ ᠶᠢᠨ ᠲᠡᠮᠳᠡᠭᠲᠦ ᠶᠢᠨ ᠲᠠᠷᠬᠠᠭᠠᠯᠲᠠ ᠠᠳᠠᠯᠢ ᠬᠤᠭᠤᠴᠠᠭᠠᠨ ᠤ ᠬᠢ ᠠᠴᠠ ᠪᠠᠨ 150% ᠪᠠᠷ ᠨᠡᠮᠡᠭᠳᠡᠵᠡᠢ᠃    ᠨᠥᠭᠡᠴᠡᠯᠡᠬᠦ ᠴᠢᠳᠠᠮᠵᠢ ᠶᠢᠨ ᠲᠠᠯ᠎ᠠ ᠪᠠᠷ᠂ 80 ᠭᠠᠷᠤᠢ ᠬᠢᠯᠢ ᠶᠢᠨ ᠭᠠᠳᠠᠨᠠᠬᠢ ᠲᠥᠪ ᠪᠠᠩᠬᠢ ᠪᠤᠶᠤ ᠵᠣᠭᠤᠰᠣᠨ ᠤ ᠡᠷᠬᠡ ᠪᠠᠷᠢᠭᠴᠢᠳ ᠨᠢ ᠠᠷᠠᠳ ᠤᠨ ᠵᠣᠭᠤᠰ ᠢ ᠭᠠᠳᠠᠭᠠᠳᠤ ᠭᠤᠪᠢᠭᠤᠯᠭ᠎ᠠ ᠶᠢᠨ ᠨᠥᠭᠡᠴᠡ ᠳᠤ ᠣᠷᠣᠭᠤᠯᠪᠠ᠃ ᠬᠢᠯᠢ ᠶᠢᠨ ᠭᠠᠳᠠᠨᠠᠬᠢ ᠠᠷᠠᠳ ᠤᠨ ᠵᠣᠭᠤᠰᠣᠨ ᠤ ᠵᠠᠬ᠎ᠠ ᠳᠡᠯᠭᠡᠭᠦᠷ ᠤᠨ ᠲᠠᠯ᠎ᠠ ᠪᠠᠷ᠂ ᠰᠢᠶᠠᠩᠭᠠᠩ ᠤᠨ ᠠᠷᠠᠳ ᠤᠨ ᠵᠣᠭᠤᠰᠣᠨ ᠤ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 1 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠠᠷᠠᠳ ᠤᠨ ᠵᠣᠭᠤᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 7000 ᠳ᠋ᠦᠩᠰᠢᠭᠤᠷ ᠲᠥᠭᠦᠷᠢᠭ ᠲᠤ ᠣᠶᠢᠷᠠᠳᠴᠤ᠂ ᠴᠥᠮ ᠲᠡᠦᠬᠡ ᠶᠢᠨ ᠨᠡᠯᠢᠶᠡᠳ ᠥᠨᠳᠥᠷ ᠲᠦᠪᠰᠢᠨ ᠳᠤ ᠬᠦᠷᠴᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号