ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠄ ᠵᠦᠶ ᠵᠣᠬᠢᠰ ᠥᠬᠡᠶ  ᠬᠢᠮᠳᠠ  ᠦᠨ᠎ᠡ   ᠪᠠᠷ  ᠵᠢᠭᠤᠯᠴᠢᠯᠠᠬᠤ ᠂  ᠪᠢᠯᠧᠲ ᠰᠠᠷᠢᠭᠠᠯᠠᠬᠤ ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ
ᠨᠡᠶᠢᠲᠡᠯᠡᠭᠰᠡᠨ ᠴᠠᠭ᠄
2025/1/17
   ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ ᠰᠣᠶᠣᠯ ᠢ ᠴᠡᠴᠡᠭᠯᠡᠭᠦᠯᠬᠦ ᠪᠠ ᠵᠢᠭᠤᠯᠴᠢᠯᠠᠯ ᠤᠨ ᠬᠡᠷᠡᠭᠯᠡᠭᠡ ᠶᠢ ᠬᠦᠭᠵᠢᠭᠡᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ᠂ ᠡᠭᠦᠨ ᠳᠤ᠄ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠨ᠎ᠠ ᠭᠡᠵᠦ ᠲᠤᠷᠠᠳᠴᠠᠢ᠃    ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠨ ᠬᠠᠤᠯᠢ ᠬᠡᠷᠡᠭᠵᠢᠭᠦᠯᠵᠦ ᠬᠠᠮᠵᠢᠯᠴᠠᠬᠤ ᠶᠢ ᠠᠬᠢᠭᠤᠯᠵᠤ᠂ ᠵᠢᠭᠤᠯᠴᠢᠯᠠᠯ ᠤᠨ ᠵᠠᠭᠠᠯᠳᠤᠯᠭ᠎ᠠ ᠶᠢ ᠰᠢᠢᠳᠪᠦᠷᠢᠯᠡᠬᠦ ᠬᠠᠮᠢᠶ᠎ᠠ ᠪᠥᠬᠦᠶ ᠠᠷᠭ᠎ᠠ ᠳᠤ ᠵᠠᠰᠠᠪᠤᠷᠢ ᠣᠷᠣᠭᠤᠯᠵᠤ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ  ᠶᠢ ᠵᠡᠷᠭᠡ ᠪᠠᠷ ᠵᠠᠰᠠᠬᠤ ᠶᠢ ᠠᠬᠢᠭᠤᠯᠤᠨ᠎ᠠ᠃ ᠵᠦᠶ ᠵᠣᠬᠢᠰ ᠥᠬᠡᠶ ᠬᠢᠮᠳᠡ ᠦᠨ᠎ᠡ ᠪᠠᠷ ᠵᠢᠭᠤᠯᠴᠢᠯᠠᠬᠤ᠂ ᠠᠯᠪᠠᠲᠠᠨ ᠪᠠᠷᠠᠭ᠎ᠠ ᠬᠤᠳᠠᠯᠳᠤᠨ ᠠᠪᠤᠭᠤᠯᠬᠤ᠂ ᠲᠥᠯᠥᠪᠦᠷᠢ ᠲᠠᠢ ᠪᠠᠷ ᠭᠡᠷ᠎ᠡ ᠲᠣᠭᠲᠠᠬᠤ᠂ ᠮᠠᠭᠤ ᠰᠠᠨᠠᠭ᠎ᠠ ᠪᠠᠷ ᠪᠢᠯᠧᠲ ᠪᠤᠯᠢᠶᠠᠯᠴᠠᠭᠤᠯᠵᠤ ᠪᠢᠯᠧᠲ ᠬᠠᠳᠠᠭᠠᠯᠠᠬᠤ᠂ ᠪᠢᠯᠧᠲ ᠰᠠᠷᠢᠭᠠᠯᠠᠬᠤ ᠵᠡᠷᠭᠡ ᠤᠶᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠴᠣᠬᠢᠯᠲᠠ ᠥᠭᠭᠦᠨ᠎ᠡ᠃ ᠭᠤᠣᠯᠳᠠᠯᠭ᠎ᠠ ᠲᠠᠢ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ᠂ ᠵᠤᠭ᠎ᠠ ᠴᠡᠩᠭᠡᠯ ᠤᠨ ᠲᠥᠬᠦᠭᠡᠷᠦᠮᠵᠢ᠂ ᠬᠤᠨᠤᠭ ᠪᠠᠭᠤᠳᠠᠯ ᠢᠳᠡᠭᠡᠨ ᠤᠮᠳᠠᠭᠠᠨ ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号