ᠣᠶᠢᠷ᠎ᠠ ᠳᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠢᠶᠠᠨ ᠤ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠢᠶᠠᠨ ᠤ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠡᠪᠦᠯ ᠤᠨ ᠠᠮᠠᠷᠠᠯᠲᠠ ᠶᠢᠨ | ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ | ᠲᠤᠰᠬᠠᠶ ᠪᠠᠶᠢᠴᠠᠭᠠᠯᠲᠠ ᠥᠷᠨᠢᠭᠦᠯᠪᠡ᠃ ᠲᠠᠯᠠᠪᠤᠷ ᠭᠠᠵᠠᠷ᠂ ᠲᠥᠬᠦᠭᠡᠷᠦᠮᠵᠢ᠂ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ | ᠂ ᠭᠠᠯ ᠤᠨᠲᠠᠷᠠᠭᠠᠬᠤ ᠵᠠᠮ ᠵᠡᠷᠭᠡ ᠠᠶᠤᠯ ᠲᠦᠭᠰᠢᠭᠦᠷᠢ ᠭᠡᠮ ᠰᠣᠭᠤᠭ ᠤᠨ ᠴᠡᠭ ᠲᠤ ᠠᠩᠬᠠᠷᠤᠯ ᠢᠶᠠᠨ | ᠲᠥᠪᠯᠡᠷᠡᠭᠦᠯᠦᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠨ᠎ᠡ᠃ | | ᠪᠠᠶᠢᠴᠠᠭᠠᠬᠤ ᠳᠤᠭᠤᠶᠢᠯᠠᠩ ᠤᠨ ᠬᠢᠨ ᠪᠠᠶᠢᠭᠤᠯᠤᠮᠵᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ︽ | ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠶᠢᠰᠦᠨ ᠵᠦᠶᠯ ᠤᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠢ ᠲᠣᠰᠴᠤ ᠬᠦᠷᠭᠡᠬᠦ ᠠᠮᠤᠷ | ᠲᠦᠪᠰᠢᠨ ᠤ ᠲᠣᠭᠤᠷᠢᠭ ᠢ ᠴᠢᠩᠭ᠎ᠠ ᠲᠤᠰᠠᠭᠠᠷᠯᠠᠵᠤ᠂ ᠠᠮᠤᠷ ᠲᠦᠪᠰᠢᠨ ᠤ ᠠᠵᠢᠯᠲᠠᠨ ᠢ ᠦᠨᠡᠮᠯᠡᠯ ᠲᠠᠢ ᠪᠠᠷ ᠠᠵᠢᠯ | ᠤᠨ ᠪᠠᠶᠢᠷᠢ ᠳᠤ ᠭᠠᠷᠬᠤ ᠶᠢ ᠱᠠᠭᠠᠷᠳᠠᠵᠤ᠂ 90 ᠡᠳᠦᠷ ᠥᠨᠴᠥᠭ ᠪᠤᠯᠤᠩ ᠦᠯᠡᠳᠡᠭᠡᠯ ᠥᠬᠡᠶ ᠪᠠᠷ ᠬᠢᠨᠠᠨ ᠡᠵᠡᠮᠳᠡᠬᠦ | ᠶᠢ ᠦᠨᠡᠨ ᠬᠦ ᠪᠠᠲᠤᠯᠠᠪᠠ᠃ ᠪᠠᠶᠢᠭᠤᠯᠤᠮᠵᠢ ᠶᠢ ᠵᠢᠯᠤᠭᠤᠳᠴᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠢᠶᠠᠨ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠪᠤᠯᠪᠠᠰᠤᠷᠠᠯ ᠥᠷᠨᠢᠭᠦᠯᠦᠨ᠂ ᠪᠠᠭᠰᠢ | ᠠᠵᠢᠯᠲᠠᠨ ᠠᠵᠢᠯᠴᠢᠨ᠂ ᠰᠤᠷᠤᠭᠴᠢ ᠪᠣᠯᠤᠨ ᠭᠡᠷ ᠤᠨ ᠠᠬᠠᠮᠠᠳ ᠢ ᠪᠠᠭᠲᠠᠭᠠᠭᠰᠠᠨ ᠪᠦᠬᠦ ᠠᠵᠢᠯᠲᠠᠨ ᠤ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ | ᠬᠡᠷᠡᠭ ᠢ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ | ᠢ ᠠᠷᠢᠯᠭᠠᠨ᠎ᠠ᠃ | ᠡᠭᠦᠨ ᠤ ᠬᠠᠮᠲᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠥᠷᠭᠡᠨ ᠣᠯᠠᠨ ᠬᠡᠷ ᠤᠨ | ᠠᠬᠠᠮᠠᠳ ᠲᠤ ᠬᠠᠯᠠᠭᠤᠨ ᠳᠣᠲᠣᠨᠣ ᠰᠠᠨᠠᠭᠤᠯᠤᠮᠵᠢ ᠥᠭᠪᠡ᠃ | ᠨᠢᠭᠡ᠂ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ | ᠬᠡᠦᠬᠡᠳ ᠤᠨ ᠰᠠᠶᠢᠨ ᠰᠠᠶᠢᠬᠠᠨ ᠶᠣᠰᠣ ᠮᠣᠷᠠᠯ ᠵᠠᠩ ᠴᠢᠨᠠᠷ ᠪᠠ ᠦᠶᠯᠡ ᠠᠵᠢᠯᠯᠠᠭ᠎ᠠ ᠶᠢᠨ ᠳᠠᠳᠬᠠᠯ ᠢ | ᠬᠥᠮᠦᠵᠢᠭᠦᠯᠬᠦ ᠶᠢ ᠴᠢᠬᠤᠯᠠᠴᠢᠯᠠᠵᠤ᠂ ᠬᠡᠦᠬᠡᠳ ᠤᠨ ᠵᠠᠩ ᠠᠭᠠᠰᠢ ᠶᠢᠨ ᠣᠨᠴᠠᠯᠢᠭ᠂ ᠳᠤᠷ᠎ᠠ ᠰᠣᠨᠢᠷᠬᠠᠯ ᠪᠠ | ᠲᠥᠷᠥᠯᠬᠢ ᠣᠨᠴᠠᠯᠢᠭ ᠢ ᠬᠦᠨᠳᠦᠳᠬᠡᠨ᠂ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠬᠡᠦᠬᠡᠳ ᠤᠨ ᠦᠰᠦᠨ | ᠪᠣᠶᠢᠵᠢᠯᠲᠠ ᠶᠢᠨ ᠵᠢᠮ᠎ᠡ ᠶᠣᠰᠣ ᠶᠢ ᠵᠢᠷᠤᠮᠯᠠᠵᠤ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠦᠶᠯᠡᠳᠦᠯ ᠳᠤ | ᠣᠶᠤᠨᠴᠢ ᠪᠠᠷ ᠬᠠᠨᠳᠤᠨ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠳᠤ ᠰᠣᠬᠤᠷ ᠪᠠᠯᠠᠶ ᠪᠠᠷ ᠣᠷᠣᠯᠴᠠᠬᠤ ᠥᠬᠡᠶ | ᠪᠠᠶᠢᠵᠤ᠂ ᠬᠡᠦᠬᠡᠳ ᠤᠨ ᠡᠪᠦᠯ ᠤᠨ ᠠᠮᠠᠷᠠᠯᠲᠠ ᠶᠢᠨ ᠠᠮᠢᠳᠤᠷᠠᠯ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠳᠣᠭᠢᠷᠠᠭᠤᠯᠵᠤ᠂ ᠬᠡᠦᠬᠡᠳ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ | ᠨᠡᠶᠢᠭᠡᠮ ᠤᠨ ᠦᠶᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠬᠡᠦᠬᠡᠳ ᠤᠨ ᠶᠣᠰᠣ ᠮᠣᠷᠠᠯ | ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ | ᠬᠡᠷᠡᠭᠲᠡᠶ᠃ | ᠬᠤᠶᠠᠷ᠂ ᠲᠣᠭᠲᠠᠭᠠᠯ ᠠᠴᠠ ᠵᠥᠷᠢᠴᠡᠭᠰᠡᠨ ᠪᠤᠯᠪᠠᠰᠤᠷᠠᠯ ᠳᠤ ᠣᠷᠣᠯᠴᠠᠬᠤ ᠥᠬᠡᠶ᠃ | ᠤᠯᠤᠰ ᠤᠨ ︽ᠬᠤᠶᠠᠷ ᠢ ᠬᠦᠩᠬᠡᠷᠡᠭᠦᠯᠬᠦ︾ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ | ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ | ᠵᠣᠨ ᠤ ᠠᠮᠠᠷᠠᠯᠲᠠ ᠶᠢᠨ ᠬᠤᠭᠤᠴᠠᠭᠠᠨ ᠳᠤ ᠶᠠᠮᠠᠷᠪᠠ ᠪᠠᠶᠢᠭᠤᠯᠤᠮᠵᠢ ᠪᠣᠯᠤᠨ ᠬᠤᠪᠢ ᠬᠥᠮᠦᠨ ᠴᠥᠮ ᠰᠢᠨᠵᠢᠯᠡᠭᠡᠨ ᠤ | ᠲᠥᠷᠥᠯ ᠤᠨ ᠪᠤᠯᠪᠠᠰᠤᠷᠠᠯ ᠥᠷᠨᠢᠭᠦᠯᠵᠦ ᠪᠣᠯᠬᠤ ᠥᠬᠡᠶ᠃ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ | ᠬᠡᠦᠬᠡᠳ ᠲᠤ ᠨᠡᠷ᠎ᠡ ᠮᠡᠳᠡᠭᠦᠯᠵᠦ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠳᠤ ᠣᠷᠣᠯᠴᠠᠭᠤᠯᠬᠤ ᠥᠬᠡᠶ︔ | ᠤᠷᠤᠯᠳᠤᠭᠠᠨ᠂ ᠵᠤᠭᠠᠴᠠᠨ ᠰᠤᠷᠤᠯᠴᠠᠬᠤ᠂ ᠰᠤᠳᠤᠯᠤᠨ ᠰᠤᠷᠤᠯᠴᠠᠬᠤ᠂ ᠰᠡᠳᠬᠢᠬᠦᠶ ᠶᠢᠨ ᠪᠣᠯᠪᠠᠰᠤᠷᠠᠯ᠂ ᠬᠡᠪ ᠴᠢᠨᠠᠷ | ᠢ ᠥᠷᠭᠡᠳᠬᠡᠬᠦ᠂ AI ᠳᠠᠪᠲᠠᠯᠭ᠎ᠠ ᠶᠢᠨ ᠲᠠᠰᠤᠭ ᠵᠡᠷᠭᠡ ᠨᠡᠷ᠎ᠡ ᠪᠠᠷ ᠥᠷᠨᠢᠭᠦᠯᠦᠭᠰᠡᠨ ᠡᠯ᠎ᠡ ᠵᠦᠶᠯ ᠤᠨ ᠬᠡᠯᠪᠡᠷᠢ ᠶᠢ | ᠨᠢ ᠥᠭᠡᠷᠡᠲᠦᠭᠦᠯᠦᠨ ᠲᠣᠭᠲᠠᠭᠠᠯ ᠠᠴᠠ ᠵᠥᠷᠢᠴᠡᠭᠰᠡᠨ ᠰᠢᠨᠵᠢᠯᠡᠭᠡᠨ ᠤ ᠲᠥᠷᠥᠯ ᠤᠨ ᠪᠤᠯᠪᠠᠰᠤᠷᠠᠯ ᠳᠤ ᠣᠷᠣᠯᠴᠠᠬᠤ | ᠥᠬᠡᠶ᠃ ᠲᠣᠭᠲᠠᠭᠠᠯ ᠠᠴᠠ ᠵᠥᠷᠢᠴᠡᠭᠰᠡᠨ ᠪᠤᠯᠪᠠᠰᠤᠷᠠᠯ ᠨᠢ ᠬᠢᠨᠠᠯᠲᠠ ᠬᠠᠮᠢᠶᠠᠷᠤᠯᠲᠠ ᠠᠴᠠ ᠵᠠᠶᠢᠯᠠᠵᠤ᠂ ᠨᠡᠯᠢᠶᠡᠳ | ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ᠂ ᠲᠠᠯᠠᠪᠤᠷ᠂ ᠪᠡᠯᠡᠳᠬᠡᠮᠵᠢ ᠵᠡᠷᠭᠡ ᠲᠠᠯ᠎ᠠ ᠪᠠᠷ ᠠᠮᠤᠷ ᠲᠦᠪᠰᠢᠨ | ᠤ ᠪᠠᠲᠤᠯᠠᠭ᠎ᠠ ᠳᠤᠲᠠᠭᠳᠠᠵᠤ᠂ ᠰᠤᠷᠤᠭᠴᠢᠳ ᠪᠠ ᠬᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ ᠶᠢᠨ ᠠᠷᠭ᠎ᠠ ᠥᠬᠡᠶ ᠪᠠᠶᠢᠨ᠎ᠠ᠃ | ᠭᠤᠷᠪᠠ᠂ ᠪᠤᠯᠪᠠᠰᠤᠷᠠᠯ ᠤᠨ ᠪᠠᠶᠢᠭᠤᠯᠤᠮᠵᠢ ᠶᠢ ᠪᠣᠯᠭᠤᠮᠵᠢᠲᠠᠶ ᠰᠣᠩᠭᠤᠬᠤ ᠬᠡᠷᠡᠭᠲᠡᠶ᠃ | ᠬᠡᠷ ᠤᠨ ᠠᠬᠠᠮᠠᠳ ᠨᠠᠶᠢᠵᠠ ᠨᠠᠷ ᠰᠣᠶᠣᠯ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ᠂ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠡᠷᠭᠡ ᠰᠢᠨᠵᠢᠯᠡᠭᠡᠨ ᠤ ᠪᠤᠰᠤ ᠲᠥᠷᠥᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠰᠣᠩᠭᠤᠬᠤ ᠳᠠᠭᠠᠨ ᠣᠶᠤᠨᠴᠢ ᠪᠥᠭᠡᠳ ᠪᠣᠯᠭᠤᠮᠵᠢᠲᠠᠶ ᠪᠠᠶᠢᠵᠤ᠂ ᠬᠡᠷ ᠤᠨ ᠠᠬᠠᠮᠠᠳ ᠨᠢ ︽ | ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠬᠡᠷ ᠤᠨ ᠠᠬᠠᠮᠠᠳ ᠤᠨ ᠬᠡᠷᠡᠭᠯᠡᠭᠡ︾ ᠪᠣᠯᠬᠤ APP ᠪᠠᠷ ᠳᠡᠮᠵᠢᠨ | ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠬᠢᠴᠢᠶᠡᠯ ᠢ ᠬᠤᠳᠠᠯᠳᠤᠨ ᠠᠪᠴᠤ ᠪᠣᠯᠤᠨ᠎ᠠ᠃ | ᠪᠣᠳᠠᠲᠠᠶ ᠪᠤᠯᠪᠠᠰᠤᠷᠠᠯ ᠤᠨ ᠬᠠᠶ᠋ᠢᠭ᠂ ᠪᠤᠯᠪᠠᠰᠤᠷᠠᠯ ᠤᠨ ᠲᠥᠷᠥᠯ ᠵᠦᠶᠯ ᠢ ᠬᠠᠷᠭᠤᠭᠤᠯᠬᠤ ᠶᠢ ᠠᠩᠬᠠᠷᠴᠤ᠂ ᠲᠥᠷᠥᠯ | ᠬᠡᠯᠪᠡᠷᠢ ᠨᠢ ᠳᠠᠩᠰᠠᠯᠠᠬᠤ ︽ᠭᠡᠷᠡᠴᠢ ᠦᠨᠡᠮᠯᠡᠯ︾ ᠤᠨ ᠠᠭᠤᠯᠭ᠎ᠠ ᠲᠠᠢ ᠨᠢᠭᠡᠳᠦᠯᠲᠡᠶ ᠪᠠᠶᠢᠬᠤ ᠡᠰᠡᠬᠦ᠂ ᠭᠡᠷᠡᠴᠢ | ᠦᠨᠡᠮᠯᠡᠯ ᠨᠢ ᠪᠦᠷᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠰᠣᠩᠭᠤᠵᠤ ᠪᠣᠯᠬᠤ ᠥᠬᠡᠶ᠃ | ᠨᠡᠶᠢᠭᠡᠮ ᠤᠨ ᠬᠢᠨᠠᠯᠲᠠ ᠲᠠᠯᠪᠢᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠰᠠᠶᠢᠨ | ᠰᠠᠶᠢᠬᠠᠨ ᠠᠮᠢ ᠠᠬᠤᠶ ᠶᠢ ᠬᠠᠮᠲᠤ ᠪᠠᠷ ᠪᠣᠶ ᠪᠣᠯᠭᠠᠬᠤ ᠶᠢᠨ ᠲᠥᠯᠥᠭᠡ᠂ ᠣᠲᠣ ᠲᠦᠴᠢᠦᠸᠠᠨ ᠰᠢᠶᠠᠨ ᠤ ᠰᠤᠷᠭᠠᠨ | ᠬᠥᠮᠦᠵᠢᠯ ᠤᠨ ᠲᠣᠪᠴᠢᠶ᠎ᠠ ᠶᠢᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠰᠤᠷᠭᠠᠭᠤᠯᠢ | ᠡᠷᠭᠢᠯᠡᠬᠦ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠠ ᠰᠢᠦᠳᠠᠨ ᠬᠠᠶᠢᠷᠴᠠᠭ ᠢ ᠨᠡᠶᠢᠲᠡᠯᠡᠶ᠎ᠡ᠃ | ᠢᠯᠡᠴᠢᠯᠡᠨ ᠮᠡᠳᠡᠭᠦᠯᠬᠦ ᠤᠲᠠᠰᠤ᠄ 0482 - 3855013 | ᠢᠯᠡᠴᠢᠯᠡᠨ ᠮᠡᠳᠡᠭᠦᠯᠬᠦ ᠢᠮᠧᠯ᠄ tqjyg @ qq . com |