ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠸᠠᠩ ᠵᠢᠶᠠ ᠵᠢᠶᠦ᠋ᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/1/2
   12 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠵᠢᠶᠠ ᠵᠢᠶᠦ᠋ᠨ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ  ᠤᠨ ᠣᠷᠳᠣᠨ ᠤ ᠭᠤᠴᠢᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ  ᠶᠢᠨ ᠬᠡᠷᠡᠭ ᠰᠢᠶᠳᠪᠦᠷᠢᠯᠡᠬᠦ ᠬᠤᠪᠢᠶᠠᠷᠢ ᠲᠥᠪ ᠪᠣᠯᠤᠨ ᠶᠡᠷᠦᠩᠬᠡᠶᠢᠯᠡᠭᠰᠡᠨ ᠵᠢᠯᠣᠭᠤᠳᠬᠤ ᠲᠠᠰᠤᠭ ᠤᠨ ᠪᠥᠲᠥᠭᠡᠨ ᠪᠠᠶᠢᠭᠤᠯᠤᠯᠲᠠ ᠵᠡᠷᠭᠡ ᠶᠠᠪᠤᠳᠠᠯ ᠢ ᠰᠤᠳᠤᠯᠵᠤ᠂ ︽ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠵᠢᠯ ᠤᠨ ᠲᠦᠷᠢᠮ ︵ᠵᠠᠰᠠᠪᠤᠷᠢ ᠣᠷᠣᠭᠤᠯᠤᠭᠰᠠᠨ︶︾᠂ ︽ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠬᠡᠷ ᠤᠨ ᠠᠵᠢᠯ ᠤᠨ ᠨᠠᠷᠢᠨ ᠲᠦᠷᠢᠮ ︵ᠵᠠᠰᠠᠪᠤᠷᠢ ᠣᠷᠣᠭᠤᠯᠤᠭᠰᠠᠨ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠥᠬᠦ ᠰᠢᠶᠠᠨ ᠤ 2024 ᠣᠨ ᠤ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ  ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠢᠷᠡᠬᠦ ᠵᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠨᠤᠲᠤᠭ ᠤᠨ ᠣᠨᠴᠠ ᠭᠠᠷᠤᠯᠲᠠ ᠶᠢᠨ ᠠᠵᠤ ᠦᠢᠯᠡᠰ  ᠤᠨ ᠬᠥᠭᠵᠢᠯᠲᠡ ᠵᠡᠷᠭᠡ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠲᠣᠮᠢᠯᠠᠭᠰᠠᠨ ᠰᠠᠯᠪᠤᠷᠢ ᠶᠢᠨ ᠬᠡᠷᠡᠭ ᠰᠢᠢᠳᠪᠦᠷᠢᠯᠡᠬᠦ ᠬᠤᠪᠢᠶᠠᠷᠢ ᠲᠥᠪ ᠪᠠ ᠶᠡᠷᠦᠩᠬᠡᠶᠢᠯᠡᠭᠰᠡᠨ ᠵᠢᠯᠣᠭᠤᠳᠬᠤ ᠲᠠᠰᠤᠭ ᠤᠨ ᠪᠦᠳᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ ᠬᠤᠶᠢᠨᠠᠬᠢ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠮᠠᠨ ᠤ ᠰᠢᠶᠠᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ 2024 ᠣᠨ ᠤ ᠰᠢᠶᠠᠨ ᠤ ᠵᠠᠰᠠᠭ ᠤᠨ ᠣᠷᠳᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2024 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号