12 ᠰᠠᠷ᠎ᠠ ᠶᠢᠨ 30 ᠤ ᠡᠳᠦᠷ᠂ ᠨᠢᠭᠡ ᠤᠳᠠᠭᠠᠨ ᠤ ᠶᠡᠷᠦ ᠪᠤᠰᠤ ᠶᠢᠨ ᠬᠥᠷ ᠬᠥᠭᠵᠢᠶᠡᠨᠲᠡᠶ ᠬᠥᠳᠡᠭᠡ | ᠲᠣᠰᠬᠤᠨ ᠤ ︽ᠴᠠᠭᠠᠨ ᠰᠠᠷ᠎ᠠ ᠶᠢᠨ ᠦᠳᠡᠰᠢᠯᠡᠭᠡ︾ ᠯᠢᠦ ᠬᠣ᠋ ᠪᠠᠯᠭᠠᠰᠤᠨ ᠳᠤ ᠦᠪᠡᠳᠡᠭᠰᠢ ᠶᠡᠭᠡ ᠪᠠᠷ ᠶᠠᠪᠤᠭᠳᠠᠪᠠ | ᠂ ᠠᠵᠢᠯᠯᠠᠭ᠎ᠠ ᠨᠢ ︽ᠰᠡᠳᠬᠢᠯ ᠨᠢᠭᠡᠳᠦᠨ ᠨᠠᠮ ᠲᠠᠢ ᠪᠠᠨ ᠬᠠᠮᠲᠤ ᠤᠷᠤᠭᠰᠢᠯᠠᠵᠤ ᠬᠠᠮᠤᠭ ᠤᠨ ᠭᠤᠶᠣ ᠯᠢᠦ ᠬᠣ᠋ | ᠨᠢᠭᠡ ᠬᠡᠷ ᠤᠨ ᠬᠥᠮᠦᠨ ᠮᠡᠲᠦ ᠳᠣᠲᠣᠨᠣ︾ ᠪᠠᠷ ᠭᠤᠤᠯ ᠰᠡᠳᠦᠪ ᠪᠣᠯᠭᠠᠵᠤ᠂ ᠡᠯᠪᠡᠭ ᠪᠠᠶᠠᠯᠢᠭ ᠠᠷᠠᠳ ᠤᠨ ᠵᠠᠩ | ᠦᠶᠯᠡ ᠶᠢᠨ ᠰᠣᠶᠣᠯ ᠤᠨ ᠠᠭᠤᠯᠤᠭᠳᠠᠬᠤᠨ ᠪᠠ ᠲᠣᠰᠬᠤᠨ ᠤ ᠠᠷᠠᠳ ᠤᠨ ᠢᠳᠡᠪᠬᠢᠲᠡᠶ ᠥᠭᠡᠳᠡᠯᠡᠨ ᠳᠠᠪᠰᠢᠬᠤ | ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠪᠡ᠃ | | ︽ᠲᠣᠰᠬᠤᠨ ᠤ ᠦᠳᠡᠰᠢᠯᠡᠭᠡ︾ ᠨᠢ ᠬᠡᠤᠬᠡᠳ ᠤᠨ ᠳᠠᠭᠤᠤ ᠪᠥᠵᠢᠭ ︽ᠥᠩᠭᠡᠲᠦ ᠳ᠋ᠧᠩ ᠠᠰᠠᠭᠠᠨ | ᠴᠢᠮᠡᠭᠯᠡᠭᠰᠡᠨ ᠨᠢ︾ ᠬᠡᠭᠦ ᠪᠠᠷ ᠬᠥᠰᠢᠭᠡ ᠪᠠᠨ ᠰᠡᠬᠦᠵᠦ᠂ ᠬᠦᠭᠵᠢᠮ ︽ᠲᠦᠮᠡᠨ ᠬᠢᠵᠠᠭᠠᠷ︾᠂ ᠪᠥᠵᠢᠭ ︽ᠵᠡᠭᠦᠨ | ᠬᠤᠶᠢᠲᠤ ᠶᠢᠨ ᠳᠠᠭᠤᠤ︾᠂ ᠭᠤᠷᠪᠠᠨ ᠪᠠᠳᠠᠭ ᠬᠠᠭᠠᠰ ︽ᠵᠠᠩ ᠳᠠᠳᠬᠠᠯ ᠢ ᠦᠭᠡᠷᠡᠴᠢᠯᠡᠵᠦ ᠠᠮᠢᠳᠤᠷᠠᠯ ᠭᠤᠸ᠎ᠠ | ᠰᠠᠶᠢᠬᠠᠨ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠵᠠᠯᠭᠠᠭ᠎ᠠ ᠪᠠᠷ ᠲᠣᠭᠯᠠᠵᠤ᠂ ᠲᠣᠭᠯᠠᠭᠴᠢᠳ | ᠦᠵᠡᠰᠬᠦᠯᠡᠩᠲᠦ ᠰᠠᠶᠢᠬᠠᠨ ᠬᠤᠪᠴᠠᠰᠤ ᠵᠠᠰᠠᠯ ᠢᠶᠠᠨ ᠡᠮᠦᠰᠴᠦ᠂ ᠪᠠᠶᠠᠷ ᠬᠦᠷ ᠲᠠᠢ ᠠᠶᠢᠵᠠᠮ ᠴᠣᠬᠢᠯᠭ᠎ᠠ ᠪᠠᠷ ᠪᠠᠶᠠᠷ | ᠬᠦᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠭᠤᠶᠢᠳᠠ ᠰᠠᠶᠢᠬᠠᠨ ᠲᠣᠭᠯᠠᠪᠠ᠃ ᠤᠯᠠᠨ ᠵᠦᠢᠯ ᠤᠨ | ᠤᠳᠬ᠎ᠠ ᠤᠷᠠᠯᠢᠭ ᠤᠨ ᠬᠡᠯᠪᠡᠷᠢ ᠶᠢ ᠬᠠᠮᠤᠷᠤᠭᠰᠠᠨ 16 ᠲᠣᠭᠯᠠᠯᠲᠠ ᠨᠢ ᠲᠠᠶᠢᠰᠠᠨ ᠳᠣᠣᠷᠠᠬᠢ ᠦᠵᠡᠭᠴᠢᠳ ᠤᠨ | ᠠᠯᠠᠭ᠎ᠠ ᠲᠠᠰᠢᠯᠳᠠ ᠶᠢᠨ ᠲᠠᠭᠤᠨ᠂ ᠢᠨᠢᠶᠡᠳᠦ ᠶᠢᠨ ᠲᠠᠭᠤᠨ ᠢ ᠲᠠᠰᠤᠷᠠᠯᠳᠠ ᠦᠭᠡᠢ ᠴᠤᠤᠷᠢᠶᠠᠲᠤᠭᠤᠯᠵᠤ᠂ | ᠦᠵᠡᠭᠴᠢᠳ ᠬᠠᠮᠤᠭ ᠤᠨ ᠬᠠᠯᠠᠭᠤᠨ ᠲᠤᠰᠬᠠᠯ ᠢᠶᠠᠷ ᠢᠶᠠᠨ ᠠᠮᠢᠳᠤᠷᠠᠯ ᠤᠨ ᠲᠤᠬᠠᠢ ᠬᠠᠶᠢᠷ᠎ᠠ ᠬᠠᠯᠠᠮᠵᠢ ᠶᠢ | ᠲᠤᠰᠬᠠᠵᠤ᠂ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠬᠥᠮᠦᠨ ᠪᠦᠷᠢ ᠶᠢᠨ ᠴᠢᠷᠠᠢ ᠳᠤ ᠵᠣᠯ | ᠵᠢᠷᠭᠠᠯᠲᠤ ᠲᠦᠷᠦᠭᠳᠡᠯ ᠢᠶᠠᠷ ᠪᠢᠯᠬᠠᠮ᠎ᠠ ᠪᠠᠶᠢᠯ᠎ᠠ᠃ | | ︽ᠮᠡᠳᠡᠭᠳᠡᠯ ᠢ ᠣᠯᠤᠭᠰᠠᠨ ᠤ ᠳᠠᠷᠠᠭ᠎ᠠ᠂ ᠮᠠᠨ ᠤ ᠡᠭᠡᠴᠢ ᠳᠡᠭᠦᠦ ᠬᠡᠳᠦᠭᠦᠯᠡ ᠲᠣᠰᠬᠤᠨ ᠳᠤ ᠪᠠᠰᠠ ᠬᠡᠳᠦᠨ | ᠡᠳᠦᠷ ᠪᠣᠯᠪᠠᠰᠤᠷᠠᠵᠠᠶ᠂ ᠥᠨᠥᠳᠦᠷ ᠪᠢᠳᠡᠨ ᠳᠤ ᠨᠢᠭᠡ ᠳᠡᠯᠭᠡᠨ ᠦᠵᠡᠭᠦᠯᠬᠦ ᠲᠣᠬᠢᠶᠠᠯ ᠤᠯᠭᠤᠵᠤ᠂ ᠪᠢᠳᠡ | ᠪᠦᠭᠦᠳᠡᠭᠡᠷ ᠢᠶᠠᠨ ᠪᠦᠷ ᠨᠡᠯᠢᠶᠡᠳ ᠰᠠᠶᠢᠨ ᠪᠥᠵᠢᠭᠯᠡᠵᠦ᠂ ᠴᠥᠮ ᠮᠠᠰᠢ ᠬᠠᠨᠤᠮᠵᠢᠲᠠᠶ ᠪᠠᠶᠢᠨ᠎ᠠ᠂ ᠬᠡᠷᠪᠡ ᠪᠠᠰᠠ ᠡᠶᠢᠮᠦ | ᠲᠣᠬᠢᠶᠠᠯ ᠪᠠᠶᠢᠪᠠᠯ ᠪᠢᠳᠡ ᠦᠷᠭᠦᠯᠵᠢᠯᠡᠨ ᠢᠳᠡᠪᠬᠢᠲᠡᠶ ᠣᠷᠣᠯᠴᠠᠨ᠎ᠠ᠃︾ ᠭᠡᠵᠦ ᠯᠢᠦ ᠬᠤ᠋ ᠪᠠᠯᠭᠠᠰᠤᠨ ᠤ ᠭᠠᠩ | ᠭᠠᠩ ᠲᠣᠰᠬᠤᠨ ᠤ ᠠᠷᠠᠳ ᠱᠢ ᠯᠢ ᠬᠤᠩ ᠪᠠᠶᠠᠷᠲᠠᠶ ᠬᠡᠯᠡᠨ᠎ᠡ᠃ | ︽ᠡᠨᠡ ᠦᠳᠡ ᠶᠢᠨ ᠡᠮᠦᠨ᠎ᠡ ᠪᠢ ᠯᠢᠦ ᠬᠣ᠋ ᠪᠠᠯᠭᠠᠰᠤᠨ ᠤ ᠲᠤᠰᠬᠤᠨ ᠤ ᠦᠳᠡᠰᠢᠯᠡᠭᠡ ᠶᠢ ᠰᠣᠨᠢᠷᠬᠠᠵᠤ᠂ | ᠲᠣᠭᠯᠠᠯᠲᠠ ᠨᠢ ᠣᠯᠠᠨ ᠲᠦᠮᠡᠨ ᠲᠠᠢ ᠮᠠᠰᠢ ᠣᠶᠢᠷᠠᠲᠤᠵᠤ᠂ ᠪᠢᠳᠡᠨ ᠤ ᠠᠮᠢᠳᠤᠷᠠᠯ ᠲᠠᠢ ᠮᠠᠰᠢ ᠣᠶᠢᠷᠠᠲᠤᠵᠤ᠂ | ᠲᠣᠰᠬᠤᠨ ᠤ ᠦᠳᠡᠰᠢᠯᠡᠭᠡ ᠶᠢᠨ ᠲᠤᠬᠠᠶ ᠶᠢᠨ ᠲᠠᠯᠠᠪᠠᠶ ᠳᠤ ᠴᠠᠭᠠᠨ ᠰᠠᠷ᠎ᠠ ᠶᠢᠨ ᠠᠭᠤᠷ ᠠᠮᠢᠰᠬᠤᠯ ᠪᠢᠯᠬᠠᠵᠤ᠂ | ᠨᠤᠲᠤᠭ ᠤᠨ ᠠᠬ᠎ᠠ ᠳᠡᠭᠦᠦ ᠨᠡᠷ ᠳᠠᠭᠤᠯᠠᠨ ᠪᠥᠵᠢᠭᠯᠡᠵᠦ ᠪᠠᠶᠢᠬᠤ ᠶᠢ ᠬᠠᠷᠠᠭᠠᠳ ᠪᠢᠳᠡ ᠬᠥᠳᠡᠭᠡ ᠲᠣᠰᠬᠤᠨ ᠤ | ᠯᠤᠲᠤ ᠶᠡᠭᠡ ᠬᠤᠪᠢᠷᠠᠯᠲᠠ ᠶᠢ ᠮᠡᠳᠡᠷᠡᠵᠡᠶ᠃︾ ᠭᠡᠵᠦ ᠯᠢᠦ ᠬᠣ᠋ ᠪᠠᠯᠭᠠᠰᠤᠨ ᠤ ᠶᠦᠩ ᠹᠠᠨ ᠲᠣᠰᠬᠤᠨ ᠤ ᠠᠷᠠᠳ | ᠢᠤᠢ ᠶᠢᠨ ᠪᠥᠸᠧ ᠬᠡᠯᠡᠪᠡ᠃ | | ᠲᠣᠰᠬᠤᠨ ᠤ ᠠᠷᠠᠳ ᠥᠪᠡᠷ ᠢᠶᠠᠨ ᠨᠠᠶᠢᠷᠠᠭᠤᠯᠵᠤ ᠥᠪᠡᠷ ᠢᠶᠠᠨ ᠤᠳᠤᠷᠢᠳᠴᠤ᠂ ᠥᠪᠡᠷ ᠢᠶᠠᠨ ᠲᠣᠭᠯᠠᠵᠤ᠂ | ᠳᠡᠷᠭᠡᠳᠡᠬᠢ ᠬᠥᠮᠦᠰ ᠢᠶᠠᠨ ᠲᠣᠭᠯᠠᠵᠤ᠂ ᠳᠡᠷᠭᠡᠳᠡᠬᠢ ᠶᠠᠪᠤᠳᠠᠯ ᠢᠶᠠᠨ ᠶᠠᠷᠢᠵᠤ᠂ ᠰᠢᠨ᠎ᠡ ᠠᠮᠢᠳᠤᠷᠠᠯ ᠢ ᠳᠠᠭᠤᠯᠠᠵᠤ᠂ | ᠬᠠᠮᠲᠤ ᠪᠠᠷ ︽ᠠᠭᠤᠰᠤᠯᠴᠠᠵᠤ︾᠂ ᠬᠠᠮᠲᠤ ᠪᠠᠷ ︽ᠵᠢᠷᠭᠠᠵᠤ︾᠂ ᠤᠯᠠᠨ ᠲᠦᠮᠡᠨ ᠤ ᠤᠯᠠᠨ ᠡᠰᠢᠵᠢᠭᠰᠡᠨ᠂ | ᠤᠯᠠᠨ ᠲᠡᠰ ᠳᠠᠪᠬᠤᠷᠭ᠎ᠠ ᠶᠢᠨ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠦᠭᠰᠡᠨ ᠪᠥᠭᠡᠳ ᠰᠣᠶᠣᠯ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠲᠦᠮᠵᠢᠲᠡᠢ ᠠᠬᠢᠭᠤᠯᠵᠤ᠂ ᠪᠠᠶᠠᠷ ᠪᠠᠶᠠᠰᠤᠯ ᠳᠤᠮᠳᠠ ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠭᠦᠨ ᠵᠤᠵᠠᠭᠠᠨ ᠨᠥᠬᠦᠷᠯᠡᠯ ᠢ ᠤᠢᠢᠯᠠᠭᠠᠭᠰᠠᠠ | ᠪᠠᠶᠢᠨ᠎ᠠ᠃ | | ︽ᠥᠨᠥᠳᠦᠷ ᠮᠠᠨ ᠤ 5 ᠲᠦᠮᠡᠨ ᠺᠠᠳ᠋ᠷ ᠣᠯᠠᠨ ᠲᠦᠮᠡᠨ ᠤ ᠲᠥᠯᠥᠭᠡᠯᠡᠭᠴᠢ ᠬᠠᠮᠲᠤ ᠪᠠᠷ 2025 ᠣᠨ ᠢ | ᠤᠭᠲᠤᠵᠤ᠂ ᠮᠠᠨ ᠤ ᠯᠢᠦ ᠬᠣ᠋ ᠪᠤᠯ ᠰᠣᠶᠣᠯ ᠤᠨ ᠶᠡᠭᠡ ᠪᠠᠯᠭᠠᠰᠤ᠂ ᠰᠣᠶᠣᠯ ᠤᠨ ᠬᠦᠴᠦᠷᠬᠡᠭ ᠪᠠᠯᠭᠠᠰᠤ | ᠪᠣᠯᠤᠭᠰᠠᠨ ᠤ ᠬᠤᠪᠢ ᠳᠤ᠂ ᠪᠢᠳᠡ ᠡᠨᠡ ᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠨᠡ ᠬᠦ ᠦᠳᠡᠰᠢᠯᠡᠭᠡ ᠶᠢ | ᠨᠤᠲᠤᠭ ᠤᠨ ᠠᠭᠤᠷ ᠠᠮᠢᠰᠬᠤᠯ ᠲᠠᠢ ᠪᠣᠯᠭᠠᠵᠤ᠂ ᠮᠥᠨ ᠴᠦ ᠮᠠᠨ ᠤ ᠺᠠᠳ᠋ᠷ ᠣᠯᠠᠨ ᠲᠦᠮᠡᠨ ᠬᠠᠮᠲᠤ ᠪᠠᠷ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ 2025 ᠣᠨ ᠤ ᠬᠥᠭᠵᠢᠯᠲᠡ ᠳᠤ ᠢᠲᠡᠭᠡᠯ ᠵᠣᠷᠢᠭ ᠬᠤᠷᠠᠮᠳᠤᠭᠤᠯᠬᠤ ᠶᠢ | ᠬᠦᠰᠡᠵᠦ ᠪᠠᠶᠢᠨ᠎ᠠ᠃︾ ᠭᠡᠵᠦ ᠯᠢᠦ ᠬᠤ᠋ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ | ᠳᠠᠷᠤᠭ᠎ᠠ ᠴᠧᠨ ᠬᠤᠤ ᠲᠠᠨᠢᠯᠴᠠᠭᠤᠯᠪᠠ᠃ |