ᠲᠦᠴᠢᠦᠸᠠᠨ ᠪᠠᠯᠭᠠᠰᠤ ᠬᠡᠪ ᠵᠠᠩᠰᠢᠯ ᠢ ᠦᠭᠡᠷᠡᠴᠢᠯᠡᠨ ᠰᠢᠨ᠎ᠡ ᠦᠵᠡᠮᠵᠢ ᠶᠢ ᠵᠢᠷᠤᠭᠯᠠᠵᠤ᠂ ᠪᠣᠯᠪᠠᠰᠤᠨ ᠰᠢᠨ᠎ᠡ ᠰᠤᠷᠲᠠᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2025/1/2
   ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠢᠨ᠎ᠡ ᠠᠭᠤᠯᠤᠭᠳᠠᠬᠤᠨ ᠢ ᠪᠣᠶ ᠪᠣᠯᠭᠠᠬᠤ ᠪᠠ ᠭᠤᠶᠣᠵᠢᠭᠤᠯᠬᠤ ᠶᠢᠨ ᠲᠥᠯᠥᠭᠡ᠂ ᠲᠦᠴᠢᠦᠸᠠᠨ ᠪᠠᠯᠭᠠᠰᠤ ᠬᠡᠪ ᠵᠠᠩᠰᠢᠯ ᠢ ᠥᠭᠡᠷᠡᠴᠢᠯᠡᠬᠦ ᠠᠵᠢᠯ ᠢ ᠭᠦᠨᠵᠡᠭᠡᠶ ᠠᠬᠢᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ᠂ ᠪᠣᠳᠠᠲᠤ ᠪᠠᠶᠢᠳᠠᠯ ᠳᠤ ᠰᠠᠭᠤᠷᠢᠯᠠᠭᠤᠯᠬᠤ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠣᠯᠪᠠᠰᠤᠨ ᠢ ᠡᠷᠬᠢᠮᠯᠡᠬᠦ᠂ ᠰᠢᠨ᠎ᠡ ᠬᠡᠪ ᠰᠤᠷᠲᠠᠯ ᠢ ᠪᠣᠶ ᠪᠣᠯᠭᠠᠬᠤ᠂ ᠪᠣᠯᠬᠢ ᠳᠠᠳᠬᠠᠯ ᠢ ᠠᠷᠢᠯᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠬᠡᠪ ᠵᠠᠩᠰᠢᠯ ᠢ ᠥᠭᠡᠷᠡᠴᠢᠯᠡᠬᠦ ︽ᠬᠠᠮ ᠨᠢᠳᠤᠷᠭ᠎ᠠ︾ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠪᠣᠯᠪᠠᠰᠤᠨ ᠤ ᠰᠦᠭ ᠰᠦᠨᠡᠰᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠴᠣᠭᠴᠠᠯᠠᠪᠠ᠃ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠠᠷᠠᠳ ᠤᠨ ᠰᠠᠶᠢᠨ ᠬᠡᠪ ᠰᠤᠷᠲᠠᠯ ᠢ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠬᠠᠩᠭᠠᠨ᠎ᠠ᠃
   ᠰᠢᠨ᠎ᠡ ᠰᠤᠷᠲᠠᠯ ᠬᠠᠴᠠᠷ ᠢ ᠢᠯᠪᠢᠵᠦ᠂ ᠪᠣᠯᠪᠠᠰᠤᠨ ᠤ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠭᠦᠨ ᠬᠠᠳᠠᠩᠰᠢᠪᠠ    ᠡᠪᠦᠯ ᠤᠨ ᠨᠡᠷᠡᠨ ᠤ ᠭᠡᠷᠡᠯ ᠳᠤ᠂ ᠲᠦᠴᠢᠦᠸᠠᠨ ᠪᠠᠯᠭᠠᠰᠤᠨ ᠤ ᠯᠢᠦ ᠾᠧ ᠲᠣᠰᠬᠤᠨ ᠮᠥᠩᠭᠦᠨ ᠦᠩᠭᠡ ᠪᠠᠷ ᠬᠤᠴᠢᠭᠳᠠᠵᠤ᠂ ᠰᠣᠶᠣᠯ ᠤᠨ ᠤᠷᠳᠤ ᠬᠤᠩᠬᠢᠯ ᠳᠤ ︽ᠠᠵᠢᠯᠴᠢ ᠠᠷᠪᠢᠴᠢ᠂ ᠪᠣᠯᠪᠠᠰᠤᠨ ᠰᠢᠨ᠎ᠡ ᠰᠤᠷᠲᠠᠯ︾᠂ ︽ᠬᠠᠭᠤᠴᠢᠨ ᠢ ᠡᠪᠳᠡᠬᠦ ᠲᠦᠷᠢᠮ ᠲᠣᠭᠲᠠᠭᠠᠯ᠂ ᠮᠠᠭᠤ ᠳᠠᠳᠬᠠᠯ ᠢ ᠠᠷᠢᠯᠭᠠᠬᠤ᠂ ᠪᠣᠯᠪᠠᠰᠤᠨ ᠢ ᠤᠯᠠᠮᠵᠢᠯᠠᠬᠤ᠂ ᠰᠢᠨ᠎ᠡ ᠰᠤᠷᠲᠠᠯ ᠢ ᠪᠤᠢ ᠪᠣᠯᠭᠠᠬᠤ︾ ᠵᠡᠷᠭᠡ ᠤᠷᠢᠶ᠎ᠠ ᠯᠣᠽᠦ᠋ᠩ ᠲᠠᠢ ᠥᠩᠭᠡᠲᠦ ᠵᠢᠷᠤᠭ ᠲᠠᠢ ᠰᠣᠶᠣᠯ ᠤᠨ ᠬᠡᠷᠡᠮ ᠣᠨᠴᠠᠭᠠᠢ ᠬᠠᠷᠠᠭᠳᠠᠨ᠎ᠠ᠃ ︽ᠬᠤᠷᠢᠮ ᠢ ᠰᠢᠨ᠎ᠡ ᠪᠠᠷ ᠬᠢᠵᠦ᠂ ᠣᠷᠣᠰᠢᠭᠤᠯᠭ᠎ᠠ ᠶᠢ ᠳᠥᠭᠦᠮᠴᠢᠯᠡᠨ᠂ ᠪᠤᠰᠤᠳ ᠢ ᠨᠢ ᠬᠢᠬᠦ ᠦᠭᠡᠢ︾᠂ ᠡᠶᠢᠮᠦᠷᠬᠦᠦ ᠪᠣᠯᠪᠠᠰᠤᠨ ᠰᠢᠨ᠎ᠡ ᠰᠤᠷᠲᠠᠯ ᠨᠢ ᠲᠣᠰᠬᠤᠨ ᠤ ᠠᠷᠠᠳ ᠤᠨ ᠰᠡᠳᠬᠢᠯ ᠳᠤ ᠭᠦᠨ ᠬᠠᠳᠠᠩᠰᠢᠵᠠᠢ᠃ ᠠᠯᠬᠤᠮ ᠳᠠᠷᠠᠭ᠎ᠠ ᠲᠠᠢ ᠪᠠᠷ ᠬᠡᠪ ᠵᠠᠩᠰᠢᠯ ᠢ ᠥᠭᠡᠷᠡᠴᠢᠯᠡᠬᠦ ᠰᠢᠨ᠎ᠡ ᠰᠤᠷᠲᠠᠯ ᠢ ᠣᠯᠠᠨ ᠲᠦᠮᠡᠨ ᠤ ᠰᠡᠳᠬᠢᠯ ᠳᠤ ᠬᠦᠷᠭᠡᠬᠦ ᠶᠢᠨ ᠲᠥᠯᠥᠭᠡ᠂ ᠲᠦᠴᠢᠦᠸᠠᠨ ᠪᠠᠯᠭᠠᠰᠤ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠬᠥᠮᠦᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠪᠠᠷ ᠳᠡᠮᠵᠢᠨ᠂ ︽ᠴᠢᠬᠤᠯᠠ ᠮᠡᠳᠡᠯᠭᠡ︾ ᠶᠢ ︽ᠳᠡᠷᠭᠡᠳᠡᠬᠢ ᠶᠠᠪᠤᠳᠠᠯ︾ ᠪᠣᠯᠭᠠᠨ ᠬᠤᠪᠢᠷᠠᠭᠤᠯᠵᠤ᠂ ᠪᠠᠯᠭᠠᠰᠤ ᠲᠣᠰᠬᠤᠨ ᠤ ᠺᠠᠳ᠋ᠷ᠂ ᠨᠠᠮ ᠤᠨ ᠭᠡᠰᠢᠭᠦᠨ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ 3000 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 137 ᠤᠳᠠᠭ᠎ᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠬᠤᠷᠢᠮ ᠪᠡᠯᠪᠡᠰᠦᠷᠡᠯ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠠᠵᠢᠯᠴᠢ ᠠᠷᠪᠢᠴᠢ ᠠᠷᠪᠢᠯᠠᠨ ᠭᠠᠮᠨᠠᠬᠤ᠂ ᠬᠤᠷᠢᠮ ᠪᠤᠶᠠᠨ ᠢ ᠳᠥᠭᠦᠮᠴᠢᠯᠡᠬᠦ ᠪᠣᠯᠪᠠᠰᠤᠨ ᠰᠢᠨ᠎ᠡ ᠰᠤᠷᠲᠠᠯ ᠢ ᠤᠬᠠᠭᠤᠯᠵᠤ᠂ ᠲᠣᠰᠬᠤᠨ ᠤ ᠠᠷᠠᠳ ᠢ ᠤᠬᠠᠮᠰᠠᠷ ᠠᠴᠠ ᠪᠠᠨ ᠬᠡᠪ ᠵᠠᠩᠰᠢᠯ ᠢ ᠥᠭᠡᠷᠡᠴᠢᠯᠡᠬᠦ᠂ ᠪᠣᠯᠪᠠᠰᠤᠨ ᠦᠶᠯᠡ ᠠᠵᠢᠯᠯᠠᠭ᠎ᠠ ᠶᠢ ᠵᠢᠷᠤᠮᠵᠢᠭᠤᠯᠬᠤ ᠤᠬᠠᠭᠤᠯᠤᠭᠴᠢ᠂ ᠦᠶᠯᠡᠳᠦᠯᠭᠡᠵᠢᠭᠦᠯᠦᠭᠴᠢ ᠪᠤᠯᠭᠠᠨ᠎ᠠ᠃
   ᠰᠣᠶᠣᠯ ᠪᠠᠷ ᠰᠢᠮ᠎ᠡ ᠲᠡᠵᠢᠭᠡᠯ ᠬᠦᠷᠲᠡᠭᠡᠵᠦ᠂ ᠢᠳᠡᠪᠬᠢ ᠬᠦᠴᠦᠨ ᠬᠥᠳᠡᠭᠡ ᠲᠣᠰᠬᠤᠨ ᠢᠶᠠᠷ ᠪᠢᠯᠬᠠᠨ᠎ᠠ    ᠲᠦᠴᠢᠦᠸᠠᠨ ᠪᠠᠯᠭᠠᠰᠤᠨ ᠳᠤ᠂ ᠲᠣᠰᠬᠤᠨ ᠤ ᠠᠷᠠᠳ ᠤᠨ ᠦᠵᠡᠵᠦ ᠰᠣᠨᠢᠷᠬᠠᠬᠤ ᠳᠤᠷᠠᠲᠠᠶ ᠰᠣᠶᠣᠯ ᠤᠨ ᠠᠵᠢᠯᠯᠠᠭ᠎ᠠ ᠶᠢ ᠨᠢᠭᠡᠨᠲᠡ ᠪᠠᠶᠢᠩᠭᠤᠵᠢᠭᠤᠯᠵᠤ᠂ 12 ᠰᠠᠷ᠎ᠠ ᠶᠢᠨ 24 ᠤ ᠡᠳᠦᠷ᠂ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ︽ᠬᠡᠪ ᠵᠠᠩᠰᠢᠯ ᠢ ᠥᠭᠡᠷᠡᠴᠢᠯᠡᠬᠦ ᠶᠢ ᠰᠠᠨᠠᠭᠠᠴᠢᠯᠠᠬᠤ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠬᠤ︾ ᠪᠠᠷ ᠭᠤᠤᠯ ᠰᠡᠳᠦᠪ ᠪᠣᠯᠭᠠᠭᠰᠠᠨ ᠤᠷᠠᠨ ᠰᠠᠶᠢᠬᠠᠨ ᠤ ᠲᠣᠭᠯᠠᠯᠲᠠ ᠡᠷᠭᠢᠯᠡᠪᠡ᠃ ᠲᠦᠴᠢᠦᠸᠠᠨ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠪᠣᠯᠤᠨ ᠰᠣᠶᠣᠯ ᠤᠨ ᠠᠭᠤᠳᠠᠮ ᠲᠠᠯᠠᠪᠠᠶ ᠶᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠰᠣᠶᠣᠯ ᠤᠨ ︽ᠬᠤᠷᠴᠠ ᠢᠷ︾ ᠢ ᠭᠦᠶᠴᠡᠳ ᠠᠰᠢᠭᠯᠠᠨ᠂ ᠰᠣᠶᠣᠯ ᠤᠨ ︽ᠡᠨᠧᠷᠭᠢ︾ ᠶᠢ ᠪᠠᠳᠠᠷᠠᠭᠤᠯᠵᠤ᠂ ᠠᠭᠤᠳᠠᠮ ᠲᠠᠯᠠᠪᠠᠶ ᠶᠢᠨ ᠪᠥᠵᠢᠭ᠂ ︽ᠭᠤᠷᠪᠠᠨ ᠥᠭᠦᠯᠡᠪᠦᠷᠢ ᠬᠠᠭᠠᠰ︾᠂ ᠡᠯ ᠷᠧᠨ ᠵᠤᠸᠠᠨ ᠵᠡᠷᠭᠡ ᠦᠵᠡᠵᠦ ᠰᠣᠨᠢᠷᠬᠠᠬᠤ ᠳᠤᠷᠠᠲᠠᠶ ᠨᠤᠲᠤᠭ ᠤᠨ ᠰᠣᠶᠣᠯ ᠢᠶᠠᠷ ᠠᠭᠤᠷ ᠠᠮᠢᠰᠬᠤᠯ ᠢ ᠪᠣᠶ ᠪᠣᠯᠭᠠᠵᠤ᠂ ᠤᠷᠠᠨ ᠰᠠᠶᠢᠬᠠᠨ ᠤ ᠲᠣᠭᠯᠠᠯᠲᠠ᠂ ᠤᠯᠠᠮᠵᠢᠯᠠᠯᠲᠤ ᠵᠠᠩ ᠳᠠᠳᠬᠠᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠭᠦᠨᠵᠡᠭᠡᠶ ᠠᠭᠤᠰᠤᠯᠴᠠᠭᠤᠯᠤᠨ᠂ ᠵᠠᠩ ᠳᠠᠳᠬᠠᠯ ᠢ ᠥᠭᠡᠷᠡᠴᠢᠯᠡᠬᠦ ᠶᠢ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠰᠢᠨ᠎ᠡ ᠬᠡᠪ ᠰᠤᠷᠲᠠᠯ ᠢ ᠲᠠᠰᠤᠷᠠᠯᠲᠠ ᠥᠬᠡᠶ ᠬᠠᠳᠠᠭᠠᠯᠠᠪᠠ᠃
   ᠵᠠᠰᠠᠯᠲᠠ ᠶᠢᠨ ᠰᠢᠨ᠎ᠡ ᠶᠢ ᠡᠭᠦᠳᠴᠦ᠂ ᠪᠣᠯᠪᠠᠰᠤᠨ ᠤ ᠦᠢᠯᠡᠳᠦᠯᠭᠡ ᠶᠢᠨ ᠦᠷ᠎ᠡ ᠪᠦᠲᠦᠮᠵᠢ ᠢᠯᠡᠳᠲᠡ ᠪᠣᠯᠪᠠ    ︽ᠲᠢᠶᠠᠨ ᠱᠦᠵᠢ᠂ ᠲᠠ ᠦᠵᠡᠭᠡᠳ ᠥᠭᠭᠦᠨ᠎ᠡ ᠤᠤ᠂ ᠮᠢᠨᠦ ᠡᠳᠡᠭᠡᠷ ᠬᠤᠷᠠᠮᠳᠤᠯ ᠬᠤᠪᠢ ᠪᠠᠷ ᠤᠰᠤ ᠪᠤᠴᠠᠯᠭᠠᠬᠤ ᠳᠡᠪᠦᠷ᠎ᠡ ᠰᠣᠯᠢᠵᠤ ᠪᠣᠯᠬᠤ ᠤᠤ︖︾ ᠭᠡᠵᠦ ᠲᠦᠴᠢᠦᠸᠠᠨ ᠪᠠᠯᠭᠠᠰᠤᠨ ᠤ ᠯᠢᠦ ᠾᠧ ᠲᠣᠰᠬᠤᠨ ᠤ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠲᠤ᠂ ᠲᠣᠰᠬᠤᠨ ᠤ ᠠᠷᠠᠳ ᠸᠠᠩ ᠱᠤᠸᠠᠩ ᠰᠢ ᠬᠤᠪᠢ ᠬᠤᠷᠠᠮᠳᠤᠭᠤᠯᠬᠤ ᠺᠠᠷᠲ ᠢᠶᠠᠨ ᠠᠪᠴᠤ᠂ ᠶᠠᠭ ᠡᠳ᠋ ᠪᠣᠳᠠᠰ ᠰᠣᠯᠢᠬᠤ ᠪᠠᠷ ᠪᠡᠯᠡᠳᠬᠡᠵᠦ ᠪᠠᠶᠢᠪᠠ᠃ ᠯᠢᠦ ᠾᠧ ᠲᠣᠰᠬᠤᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠤᠪᠢ ᠬᠤᠷᠠᠮᠳᠤᠭᠤᠯᠬᠤ ᠲᠦᠷᠢᠮ ᠢᠶᠠᠷ ᠳᠠᠮᠵᠢᠭᠤᠯᠤᠨ ᠲᠣᠰᠬᠤᠨ ᠤ ᠠᠷᠠᠳ ᠤᠨ ᠵᠠᠩ ᠳᠠᠳᠬᠠᠯ ᠢ ᠥᠭᠡᠷᠡᠴᠢᠯᠡᠬᠦ ᠪᠠ ᠨᠤᠲᠤᠭ ᠤᠨ ᠪᠣᠯᠪᠠᠰᠤᠨ ᠰᠤᠷᠲᠠᠯ ᠤᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠢᠯᠡᠳᠲᠡ ᠦᠷ᠎ᠡ ᠪᠦᠲᠦᠮᠵᠢ ᠤᠯᠪᠠ᠃ ᠬᠤᠪᠢ ᠬᠤᠷᠠᠮᠳᠤᠭᠤᠯᠬᠤ ᠲᠦᠷᠢᠮ ᠨᠢ ᠲᠣᠰᠬᠤᠨ ᠤ ᠠᠷᠠᠳ ᠤᠨ ᠡᠳᠦᠷ ᠲᠤᠲᠤᠮ ᠤᠨ ᠦᠶᠯᠡ ᠠᠵᠢᠯᠯᠠᠭ᠎ᠠ ᠶᠢ ᠬᠤᠪᠢ ᠬᠤᠷᠠᠮᠳᠤᠭᠤᠯᠬᠤ  ᠲᠠᠢ ᠬᠤᠯᠪᠣᠭᠳᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠵᠢᠷᠤᠮᠯᠠᠨ ᠰᠠᠬᠢᠬᠤ ᠠᠴᠠ ᠲᠣᠰᠬᠤᠨ ᠤ ᠬᠠᠮᠲᠤ  ᠶᠢᠨ ᠠᠵᠢᠯᠯᠠᠭ᠎ᠠ ᠳᠤ ᠣᠷᠣᠯᠴᠠᠬᠤ ᠬᠦᠷᠲᠡᠯ᠎ᠡ᠂ ᠢᠳᠡᠪᠬᠢᠲᠡᠶ ᠦᠶᠯᠡ ᠠᠵᠢᠯᠯᠠᠭ᠎ᠠ ᠨᠢᠭᠡᠪᠦᠷᠢ ᠨᠢ ᠴᠥᠮ ᠵᠣᠬᠢᠴᠠᠩᠭᠤᠶ ᠬᠤᠪᠢ ᠬᠤᠷᠠᠮᠳᠤᠭᠤᠯᠬᠤ ᠱᠠᠩᠨᠠᠯ ᠢ ᠭᠥᠷᠳᠡᠨ᠎ᠡ᠃ ᠡᠲᠡᠭᠡᠷ ᠴᠣᠮᠬᠠᠳᠬᠠᠯ ᠨᠢ ᠲᠣᠰᠬᠤᠨ ᠤ ᠴᠣᠮᠬᠠᠳᠬᠠᠯ ᠬᠡᠲᠦ ᠳᠡᠯᠭᠡᠭᠦᠷ ᠲᠤ ᠠᠮᠢᠳᠤᠷᠠᠯ ᠤᠨ ᠬᠡᠷᠡᠭᠰᠡᠯ ᠰᠣᠯᠢᠵᠤ ᠥᠭᠴᠦ᠂ ᠲᠣᠰᠬᠤᠨ ᠤ ᠠᠷᠠᠳ ᠤᠨ ᠣᠷᠣᠯᠴᠠᠬᠤ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ ᠳᠤ ᠪᠠᠭ᠎ᠠ ᠪᠤᠰᠤ ᠬᠤᠪᠢ ᠨᠡᠮᠡᠷᠢ ᠦᠵᠡᠭᠦᠯᠪᠡ᠃ ᠡᠨᠡ ᠵᠢᠯ ᠠᠴᠠ ᠨᠠᠰᠢ ᠂ ᠯᠢᠦ ᠾᠧ ᠲᠣᠰᠬᠤᠨ ᠨᠡᠶᠢᠲᠡ 125 ᠤᠳᠠᠭ᠎ᠠ ᠬᠤᠪᠢ ᠬᠤᠷᠠᠮᠳᠤᠭᠤᠯᠬᠤ ᠲᠦᠷᠢᠮ ᠤᠨ ᠬᠠᠮᠢᠶ᠎ᠠ ᠪᠥᠬᠦᠶ ᠠᠵᠢᠯᠯᠠᠭ᠎ᠠ ᠥᠷᠨᠢᠭᠦᠯᠵᠦ᠂ ᠨᠡᠶᠢᠲᠡ 1000 ᠭᠠᠷᠤᠶ ᠬᠥᠮᠦᠨ ᠤᠳᠠᠭ᠎ᠠ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号