12 ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ | ᠬᠤᠷᠢᠶ᠎ᠠ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ︽ᠥᠪᠥᠷ | ᠮᠣᠩᠭᠤᠯ ᠪᠠᠷ ᠲᠠᠭᠤᠯᠠᠨ ᠠᠶᠠᠯᠠᠵᠤ ᠲᠦᠴᠢᠦᠸᠠᠨ ᠳᠤ ᠰᠢᠨ᠎ᠡ ᠵᠢᠯ ᠢ ᠤᠭᠲᠤᠬᠤ︾ 2025 ᠣᠨ ᠤ ᠲᠦᠴᠢᠦᠸᠠᠨ | ᠰᠢᠶᠠᠨ ᠤ ᠰᠢᠨ᠎ᠡ ᠵᠢᠯ ᠢ ᠤᠭᠲᠤᠬᠤ ᠦᠳᠡᠰᠢᠯᠡᠭᠡ ᠭᠤᠶᠢᠳᠠ ᠰᠠᠶᠢᠬᠠᠨ ᠶᠠᠪᠤᠭᠳᠠᠪᠠ᠃ ᠵᠠᠩ ᠱᠤᠸᠠᠩ ᠴᠧᠩ᠂ | ᠸᠠᠩ ᠵᠢᠶᠠ ᠵᠢᠶᠦ᠋ᠨ᠂ ᠴᠧᠨ ᠭᠦᠸᠧ ᠮᠢᠩ᠂ ᠶᠧ ᠪᠢᠨ ᠵᠡᠷᠭᠡ ᠰᠢᠶᠠᠨ ᠤ ᠤᠳᠤᠷᠢᠳᠤᠯᠭ᠎ᠠ ᠪᠦᠬᠦ ᠰᠢᠶᠠᠨ ᠤ ᠺᠠᠳ᠋ᠷ | ᠤᠯᠠᠨ ᠲᠦᠮᠡᠨ ᠲᠠᠢ ᠨᠢᠭᠡ ᠲᠠᠩᠬᠢᠮ ᠳᠤ ᠴᠤᠭᠯᠠᠷᠠᠵᠤ᠂ ᠴᠠᠭᠠᠨ ᠰᠠᠷ᠎ᠠ ᠬᠦᠷᠴᠦ ᠢᠷᠡᠬᠦ ᠶᠢ ᠬᠠᠮᠲᠤ ᠪᠠᠷ ᠪᠡᠯᠭᠡᠯᠡᠪᠡ᠃ | | | | | | | | | ᠲᠤᠰ ᠬᠤᠭᠤᠴᠠᠭᠠᠨ ᠤ ᠴᠠᠭᠠᠨ ᠰᠠᠷ᠎ᠠ ᠶᠢᠨ ᠦᠳᠡᠰᠢᠯᠡᠭᠡ ᠶᠢ ᠲᠦᠴᠢᠦᠸᠠᠨ ᠰᠢᠶᠠᠨ ᠤ ᠤᠯᠠᠭᠠᠨᠮᠥ᠋ᠴᠢᠷ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠵᠢᠴᠢ ᠪᠦᠬᠦ ᠰᠢᠶᠠᠨ ᠤ ᠨᠡᠶᠢᠭᠡᠮ ᠤᠨ ᠡᠯ᠎ᠡ | ᠡᠲᠡᠭᠡᠳ ᠤᠨ ᠤᠳᠬ᠎ᠠ ᠤᠷᠠᠯᠢᠭ ᠤᠨ ᠰᠠᠶᠢᠨ ᠳᠤᠷᠠᠴᠤᠳ ᠬᠠᠮᠲᠤ ᠪᠠᠷ ᠪᠡᠶᠡᠯᠡᠭᠦᠯᠵᠡᠢ᠃ | | | | | | | | | ᠤᠷᠤᠢ ᠶᠢᠨ 7 ᠴᠠᠭ ᠲᠤ᠂ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠬᠠᠮᠲᠤ ᠪᠠᠷ ᠤᠯᠤᠰ ᠤᠨ | ᠲᠡᠷᠢᠭᠦᠯᠡᠭᠴᠢ ᠰᠢ ᠶᠢᠨ ᠫᠢᠩ ᠤᠨ 2025 ᠣᠨ ᠤ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠪᠠ᠃ ᠳᠠᠷᠠᠭ᠎ᠠ | ᠨᠢ᠂ ᠦᠳᠡᠰᠢᠯᠡᠭᠡ ᠨᠢ ᠬᠥᠷ ᠬᠥᠭᠵᠢᠶᠡᠨ ᠲᠠᠢ ᠡᠬᠢᠯᠡᠯᠲᠡ ᠶᠢᠨ ᠪᠥᠵᠢᠭ ︽ᠬᠡᠩᠭᠡᠷᠭᠡᠨ ᠡᠭᠡᠰᠢᠭ ᠤᠨ ᠳᠡᠭᠦᠯᠢᠯᠲᠡ︾ | ᠪᠠᠷ ᠬᠥᠰᠢᠭᠡ ᠪᠠᠨ ᠰᠡᠬᠦᠵᠦ᠂ ᠢᠷᠠᠭᠤ ᠰᠣᠨᠣᠰᠬᠤᠯᠠᠩ ᠬᠥᠭ ᠠᠶᠠᠰ᠂ ᠪᠠᠶᠠᠷ ᠬᠥᠷ ᠲᠠᠢ ᠪᠥᠵᠢᠭ ᠲᠤᠬᠠᠶ ᠶᠢᠨ | ᠲᠠᠯᠠᠪᠠᠶ ᠶᠢᠨ ᠠᠭᠤᠷ ᠠᠮᠢᠰᠬᠤᠯ ᠬᠤᠷᠣᠮᠬᠠᠨ ᠵᠠᠭᠤᠷ᠎ᠠ ᠳᠦᠷᠡᠯᠵᠡᠪᠡ᠃ ᠤᠤᠭᠠᠯ ᠵᠣᠬᠢᠶᠠᠨ ᠪᠦᠲᠦᠭᠡᠭᠰᠡᠨ ︽ᠴᠦᠨ | ᠵᠧᠦ ᠳ᠋ᠦ᠋︾ ᠭᠡᠬᠦ ᠨᠠᠶᠢᠷᠠᠯ ᠳᠠᠭᠤᠤ ᠨᠢ ᠬᠥᠮᠦᠨ ᠤ ᠠᠩᠬᠠᠷᠤᠯ ᠢ ᠲᠠᠲᠠᠵᠤ᠂ ᠲᠦᠴᠢᠦᠸᠠᠨ ᠰᠢᠶᠠᠨ ᠤ ᠭᠦᠨ | ᠵᠤᠵᠠᠭᠠᠨ ᠲᠡᠦᠬᠡ ᠶᠢᠨ ᠬᠤᠷᠠᠮᠳᠤᠯ ᠲᠠᠢ᠂ ᠭᠦᠨ ᠵᠤᠵᠠᠭᠠᠨ ᠴᠦᠨ ᠵᠧᠦ ᠶᠢᠨ ᠰᠣᠶᠣᠯ ᠢ ᠳᠠᠭᠤᠯᠠᠪᠠ᠃ ︽ᠸᠠᠨ ᠯᠢ | ︾᠂ ︽ᠬᠠᠮᠲᠤ ᠬᠠᠳᠬᠤᠭᠤᠷ︾᠂ ︽ᠠᠯᠮᠤᠷᠠᠳ ᠤᠨ ᠠᠩᠬᠢᠯᠤᠮ᠎ᠠ ᠦᠨᠦᠷ︾᠂ ︽ᠰᠡᠯᠡᠮ᠎ᠡ ᠶᠢᠨ ᠰᠦᠨᠡᠰᠦ︾᠂ | ︽ᠭᠠᠶᠢᠬᠠᠰᠢᠷᠠᠯ︾᠂ ︽ᠴᠠᠭ ᠦᠶ᠎ᠡ ᠶᠢᠨ ᠰᠡᠳᠬᠢᠯᠭᠡ︾ ᠵᠡᠷᠭᠡ ᠳᠠᠭᠤᠤ ᠪᠥᠵᠢᠭ ᠤᠨ ᠬᠡᠯᠬᠢᠶ᠎ᠡ ᠨᠢ ᠦᠳᠡᠰᠢᠯᠡᠭᠡ | ᠶᠢ ᠤᠷᠭᠢᠯ ᠳᠤ ᠬᠦᠷᠭᠡᠵᠡᠢ᠃ ᠤᠤᠭᠠᠨ ᠵᠣᠬᠢᠶᠠᠨ ᠪᠦᠲᠦᠭᠡᠭᠰᠡᠨ ᠳᠠᠭᠤᠤ ᠬᠥᠭᠵᠢᠮ ᠤᠨ ᠴᠠᠷᠭᠢᠯ ᠬᠤᠯᠪᠣᠭ᠎ᠠ ︽ | ᠵᠣᠯ ᠵᠢᠷᠭᠠᠯ ᠲᠦᠭ ᠲᠦᠮᠡᠨ ᠠᠶᠢᠯ ᠡᠷᠦᠬᠡ ᠶᠢ ᠬᠤᠯᠪᠤᠬᠤ︾᠂ ︽ᠠᠯᠪᠠᠨ ᠲᠤᠰᠢᠶᠠᠯᠲᠠᠨ ᠢ ᠲᠠᠨᠢᠯᠴᠠᠭᠤᠯᠤᠭᠰᠠᠨ | ᠨᠢ︾ ᠭᠡᠬᠦ ᠵᠦᠴᠦᠭᠡ ᠶᠢᠨ ᠠᠭᠤᠯᠭ᠎ᠠ ᠨᠢ ᠠᠮᠢᠳᠤᠷᠠᠯ ᠳᠤ ᠣᠶᠢᠷᠠᠲᠤᠵᠤ᠂ ᠣᠯᠠᠨ ᠲᠦᠮᠡᠨ ᠳᠤ ᠣᠶᠢᠷᠠᠲᠤᠵᠤ᠂ | ᠲᠣᠭᠯᠠᠭᠴᠢᠳ ᠱᠤᠭ ᠶᠦᠮᠦᠷᠯᠢᠭ᠂ ᠳᠥᠭᠦᠮ ᠣᠶᠢᠯᠠᠭᠠᠮᠵᠢᠲᠠᠶ ᠦᠭᠡ ᠬᠡᠯᠡᠨ ᠤ ᠤᠷᠠᠯᠢᠭ ᠢᠶᠠᠷ ᠲᠦᠭ ᠲᠦᠮᠡᠨ ᠭᠡᠷ | ᠪᠦᠯᠢ ᠶᠢᠨ ᠬᠠᠯᠠᠭᠤᠨ ᠳᠤᠯᠠᠭᠠᠨ ᠦᠯᠢᠭᠡᠷ ᠪᠠ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ | ᠬᠠᠮᠵᠢᠯᠴᠠᠭ᠎ᠠ ᠶᠢ ᠵᠣᠬᠢᠶᠠᠨ ᠪᠦᠲᠦᠭᠡᠯᠭᠡ ᠳᠤ ᠠᠭᠤᠰᠬᠠᠵᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠢ | ᠰᠣᠭᠲᠣᠭᠤᠷᠠᠭᠤᠯᠪᠠ᠃ ᠡᠯ ᠷᠧᠨ ᠵᠤᠸᠠᠨ ᠳᠠᠭᠤᠤ ︽ᠳᠠᠪᠠᠭᠠᠨ ᠳᠡᠭᠡᠷᠡᠬᠢ ᠲᠦᠴᠢᠦᠸᠠᠨ ᠤ ᠳᠠᠭᠤᠯᠠᠯ︾᠂ | ᠲᠣᠭᠯᠠᠯᠲᠠ ︽ᠠᠬ᠎ᠠ ᠳᠡᠭᠦᠦ ᠬᠤᠶᠠᠭᠤᠯᠠ︾᠂ ᠪᠥᠵᠢᠭ ︽ᠤᠮᠠᠷᠠᠲᠤ ᠬᠢᠯᠢ ᠶᠢᠨ ᠪᠥᠵᠢᠭ︾ ᠵᠡᠷᠭᠡ ᠠᠯᠢ ᠤᠯᠠᠨ | ᠲᠣᠭᠯᠠᠯᠲᠠ ᠨᠢ ᠭᠤᠶᠢᠳᠠ ᠰᠠᠶᠢᠬᠠᠨ ᠶᠠᠪᠤᠭᠳᠠᠵᠤ᠂ ᠲᠣᠭᠯᠠᠭᠴᠢᠳ ᠤᠯᠠᠮᠵᠢᠯᠠᠯᠲᠤ ᠰᠣᠶᠣᠯ ᠪᠣᠯᠤᠨ ᠤᠳᠤ ᠦᠶ᠎ᠡ | ᠶᠢᠨ ᠤᠷᠠᠯᠢᠭ ᠢ ᠠᠭᠤᠰᠤᠯᠴᠠᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠴᠣ ᠰᠢᠨ᠎ᠡ ᠬᠠᠷᠠᠭ᠎ᠠ ᠰᠣᠨᠣᠷ | ᠤᠨ ᠦᠪᠡᠳᠡᠭᠰᠢ ᠨᠠᠶᠢᠷ ᠢ ᠠᠪᠴᠢᠷᠠᠪᠠ᠃ | | | | | | | | | | ︽ᠠᠵᠠ ᠵᠠᠪᠰᠢᠶᠠᠨ ᠢᠶᠠᠷ ᠡᠨᠡ ᠵᠢᠯ ᠤᠨ ᠲᠦᠴᠢᠦᠸᠠᠨ ᠰᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ | ᠠᠬᠤᠢ ᠲᠠᠯᠠᠪᠠᠢ ᠳᠤ ᠢᠷᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠡᠨᠡ ᠤᠳᠠᠭ᠎ᠠ ᠶᠢᠨ ᠲᠣᠭᠯᠠᠯᠲᠠ ᠦᠨᠡᠬᠡᠷ | ᠭᠤᠶᠢᠳᠠ ᠰᠠᠶᠢᠬᠠᠨ ᠪᠠᠶᠢᠵᠤ᠂ ᠲᠦᠴᠢᠦᠸᠠᠨ ᠤ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃ ᠪᠢ ᠣᠯᠠᠨ ᠵᠢᠷᠤᠭ | ᠰᠡᠭᠦᠳᠡᠷ ᠰᠢᠩᠭᠡᠭᠡᠭᠰᠡᠨ᠂ ᠨᠠᠶᠢᠵᠠ ᠨᠥᠬᠦᠳ ᠲᠠᠢ ᠪᠠᠨ ᠬᠤᠪᠢᠶᠠᠯᠴᠠᠬᠤ ᠰᠠᠨᠠᠭ᠎ᠠ ᠲᠠᠢ᠃︾ ᠭᠡᠵᠦ ᠲᠢᠶᠠᠨ ᠽᠧ | ᠪᠠᠶᠠᠷᠲᠠᠶ ᠬᠡᠯᠡᠨ᠎ᠡ᠃ | | | | | | | | | ᠲᠠᠶᠢᠰᠠᠨ ᠳᠡᠭᠡᠷᠡᠬᠢ ᠬᠠᠯᠠᠭᠤᠨ ᠰᠡᠳᠬᠢᠯᠭᠡ ᠭᠠᠯ ᠮᠡᠲᠦ᠂ ᠲᠠᠢᠰᠠᠨ ᠳᠣᠤᠷ᠎ᠠ ᠠᠯᠠᠭ᠎ᠠ ᠲᠡᠰᠢᠯᠲᠡ ᠲᠠᠰᠤᠷᠠᠬᠤ | ᠦᠭᠡᠢ᠃ ᠦᠵᠡᠭᠴᠢᠳ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠳᠤᠮᠳᠠ᠂ ᠴᠦᠨ ᠵᠧᠦ ᠶᠢᠨ ᠰᠣᠶᠣᠯ | ᠤᠨ ᠳᠤᠮᠳᠠ ᠠᠴᠠ ᠲᠦᠴᠢᠦᠸᠠᠨ ᠰᠢᠶᠠᠨ ᠤ ᠦᠩᠭᠡ ᠦᠵᠡᠮᠵᠢ ᠶᠢ ᠰᠣᠨᠢᠷᠬᠠᠵᠤ᠂ ᠨᠠᠮ ᠤᠨ ᠬᠠᠯᠠᠮᠵᠢᠯᠠᠯ ᠳᠣᠣᠷ᠎ᠠ᠂ | ᠪᠦᠬᠦ ᠰᠢᠶᠠᠨ ᠤ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠵᠦ᠂ ᠡᠷᠡᠮᠡᠬᠡᠶᠢᠯᠡᠨ ᠤᠷᠤᠭᠰᠢᠯᠠᠵᠤ ᠢᠷᠡᠭᠡᠳᠦᠢ ᠵᠦᠭ | ᠤᠷᠤᠭᠰᠢᠯᠠᠭᠰᠠᠨ ᠦᠯᠢᠭᠡᠷ ᠢ ᠮᠡᠳᠡᠷᠡᠨ᠎ᠡ᠃ | | | | | | | ︽ᠡᠨᠡ ᠤᠳᠠᠭ᠎ᠠ ᠮᠠᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠳᠥᠷᠪᠡᠨ | ᠲᠣᠭᠯᠠᠯᠲᠠ ᠪᠡᠯᠡᠳᠬᠡᠵᠦ ᠲᠦᠴᠢᠦᠸᠠᠨ ᠰᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠳᠤ ᠣᠷᠣᠯᠴᠠᠬᠤ ᠪᠠᠷ ᠪᠣᠶ᠂ | ᠨᠢᠭᠡ ᠨᠢ ︽ᠠᠬ᠎ᠠ ᠳᠡᠭᠦᠦ ᠬᠤᠶᠠᠭᠤᠯᠠ︾ ᠶᠢ ᠳᠠᠭᠤᠯᠠᠵᠤ᠂ ᠪᠠᠰᠠ ᠬᠤᠶᠠᠷ ᠪᠥᠵᠢᠭ ᠲᠠᠢ᠂ ᠨᠥᠭᠦᠭᠡ ᠨᠢ | ᠲᠦᠴᠢᠦᠸᠠᠨ ᠰᠢᠶᠠᠨ ᠤ ᠤᠯᠠᠭᠠᠨᠮᠥ᠋ᠴᠢᠷ ᠲᠠᠢ ᠬᠠᠮᠲᠤ ᠪᠠᠷ ᠲᠣᠭᠯᠠᠭᠰᠠᠨ ︽ᠰᠡᠳᠬᠢᠯ ᠨᠢᠭᠡᠳᠦᠨ ᠳᠤᠮᠳᠠᠳᠤ ᠶᠢᠨ | ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠲᠣᠭᠯᠠᠯᠲᠠ ᠪᠣᠯᠤᠨ᠎ᠠ᠂ 2025 ᠣᠨ ᠤ ᠲᠦᠴᠢᠦᠸᠠᠨ | ᠰᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠳᠤ ᠣᠷᠣᠯᠴᠠᠵᠤ᠂ ᠲᠦᠴᠢᠦᠸᠠᠨ ᠰᠢᠶᠠᠨ ᠤ ᠥᠷᠭᠡᠨ ᠣᠯᠠᠨ ᠠᠷᠠᠳ | ᠲᠦᠮᠡᠨ ᠳᠤ 2025 ᠣᠨ ᠤ ᠰᠢᠨ᠎ᠡ ᠵᠢᠯ ᠤᠨ ᠮᠡᠨᠳᠦᠴᠢᠯᠡᠯ ᠬᠦᠷᠭᠡᠵᠦ᠂ ᠰᠠᠨᠠᠭᠰᠠᠨ ᠪᠦᠬᠦᠨ ᠰᠡᠳᠬᠢᠯᠴᠢᠯᠡᠨ | ᠪᠦᠲᠦᠬᠦ ᠶᠢ ᠵᠥᠩᠨᠡᠵᠦ ᠪᠠᠶᠢᠨ᠎ᠠ᠃︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠤᠯᠠᠭᠠᠨᠮᠥ᠋ᠴᠢᠷ ᠤᠨ ᠲᠣᠭᠯᠠᠭᠴᠢ ᠸᠧᠨ ᠵᠢᠶᠦ᠋ᠨ ᠬᠡᠯᠡᠪᠡ᠃ | ︽ᠮᠢᠨᠦ ᠥᠨᠥᠳᠦᠷ ᠤᠨ ᠳᠠᠭᠤᠯᠠᠭᠰᠠᠨ ᠳᠠᠭᠤᠤ ᠪᠣᠯ ︿ᠴᠦᠨ ᠵᠧᠦ ᠳ᠋ᠦ᠋﹀ ᠪᠣᠯᠤᠨ᠎ᠠ᠂ ᠡᠨᠡ ᠳᠠᠭᠤᠤ ᠪᠣᠯ | ᠮᠠᠨ ᠤ ᠤᠯᠠᠭᠠᠨᠮᠥ᠋ᠴᠢᠷ ᠤᠨ ᠰᠢᠨ᠎ᠡ ᠵᠤᠬᠢᠶᠠᠨ ᠪᠦᠲᠦᠭᠡᠭᠰᠡᠨ ᠳᠠᠭᠤᠤ ᠮᠥᠨ᠂ ᠨᠤᠲᠤᠭ ᠤᠨ ᠢᠶᠠᠨ ᠴᠠᠭᠠᠨ ᠰᠠᠷ᠎ᠠ | ᠶᠢᠨ ᠦᠳᠡᠰᠢᠯᠡᠭᠡ ᠳᠡᠭᠡᠷ᠎ᠡ ᠠᠩᠬ᠎ᠠ ᠤᠳᠠᠭ᠎ᠠ ᠲᠠᠶᠢᠰᠠᠨ ᠳᠤ ᠭᠠᠷᠴᠤ ᠪᠠᠶᠢᠭ᠎ᠠ ᠨᠢ ᠮᠠᠰᠢ ᠠᠵᠠᠲᠠᠶ ᠪᠥᠭᠡᠳ ᠮᠠᠰᠢ | ᠪᠠᠶᠠᠷᠲᠠᠶ ᠰᠠᠨᠠᠭᠳᠠᠵᠤ ᠪᠠᠶᠢᠨ᠎ᠠ᠃ 》 ᠭᠡᠵᠦ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢ ᠦ᠋ ᠵᠢᠶᠠᠨ | ᠫᠢᠩ ᠬᠡᠯᠡᠪᠡ᠃ | | | | | | | | | ᠪᠦᠬᠦᠶᠢᠯᠡ ᠦᠳᠡᠰᠢᠯᠡᠭᠡ ᠭᠤᠶᠢᠳᠠ ᠰᠠᠶᠢᠬᠠᠨ ᠶᠠᠪᠤᠭᠳᠠᠵᠤ᠂ ᠬᠦᠷ ᠬᠥᠭᠵᠢᠶᠡᠨ ᠢᠶᠠᠷ ᠪᠢᠯᠬᠠᠵᠤ᠂ ᠬᠦᠷ | ᠬᠥᠭᠵᠢᠶᠡᠨ ᠲᠠᠢ ᠲᠣᠭᠯᠠᠯᠲᠠ ᠨᠤᠭᠤᠳ᠂ ᠪᠠᠶᠠᠷ ᠬᠦᠷ ᠲᠠᠢ ᠬᠥᠭᠵᠢᠮ ᠤᠨ ᠠᠶᠠᠰ ᠤᠳ ᠲᠦᠴᠢᠦᠸᠠᠨ ᠤ | ᠬᠥᠪᠡᠭᠦᠳ ᠥᠬᠢᠳ ᠲᠤ ᠡᠯᠪᠡᠭ ᠪᠠᠶᠠᠯᠢᠭ ᠰᠣᠶᠣᠯ ᠤᠨ ᠬᠤᠭᠤᠯᠠ ᠬᠦᠷᠭᠡᠵᠦ ᠥᠭᠭᠦᠭᠰᠡᠨ ᠢᠶᠠᠷ ᠪᠠᠷᠠᠬᠤ ᠦᠭᠡᠢ᠂ | ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠡᠷᠡᠯᠬᠡᠭᠯᠡᠨ ᠤᠷᠤᠭᠰᠢᠯᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠠᠷ ᠢᠶᠠᠨ ᠲᠦᠴᠢᠦᠸᠠᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠣᠮᠤᠭ ᠵᠣᠷᠢᠭ ᠪᠠ ᠲᠦᠴᠢᠦᠸᠠᠨ ᠤ ᠡᠨᠡ ᠬᠦ | ᠬᠠᠯᠠᠭᠤᠨ ᠬᠥᠷᠥᠰᠥ ᠰᠢᠷᠣᠢ ᠳᠤ ᠣᠷᠭᠢᠯᠤᠭᠰᠠᠨ ᠬᠦᠴᠦᠷᠬᠡᠭ ᠶᠡᠭᠡ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠢᠯᠡᠷᠡᠭᠦᠯᠪᠡ᠃ | | ᠦᠳᠡᠰᠢᠯᠡᠭᠡ ︽ᠳᠤᠮᠳᠠᠳᠤ ᠶᠢᠨ ᠵᠡᠭᠦᠳᠦ ᠪᠠᠨ ᠰᠡᠳᠬᠢᠯ ᠨᠢᠭᠡᠳᠦᠨ ᠬᠠᠮᠲᠤᠪᠠᠷ ᠲᠡᠷᠭᠡᠯᠰᠢᠭᠦᠯᠦᠶ᠎ᠡ︾ ᠭᠡᠬᠦ | ᠳᠠᠭᠤᠤ ᠪᠥᠵᠢᠭ ᠢᠶᠠᠷ ᠥᠨᠳᠥᠷᠯᠡᠪᠡ᠃ | |