ᠴᠠᠷᠭᠠᠰᠤ ᠶᠢᠨ ᠨᠢᠯᠬ᠎ᠠ ᠴᠢᠬᠢ ᠶᠢᠨ ᠬᠤᠭᠤᠴᠠᠭᠠᠨ ᠤ ᠥᠰᠦᠯᠲᠡ ᠪᠤᠶᠢᠵᠢᠯᠲᠠ ᠨᠢ ᠤᠳᠠᠭᠠᠨ᠂ ᠪᠣᠵᠠᠷ ᠡᠪᠡᠰᠦ | ᠪᠠ ᠬᠦᠷᠦᠰᠦ ᠶᠢᠨ ᠳᠣᠲᠤᠷᠬᠢ ᠬᠤᠣᠷᠲᠤ ᠬᠤᠷᠣᠬᠠᠢ ᠶᠢᠨ ᠬᠥᠨᠥᠭᠡᠯ ᠳᠤ ᠠᠮᠠᠷᠬᠠᠨ ᠤᠴᠠᠷᠠᠳᠠᠭ᠂ ᠡᠶᠢᠮᠦ ᠠᠴᠠ | ᠴᠠᠭ ᠲᠤᠬᠠᠢ ᠳᠤᠨᠢ ᠰᠡᠷᠭᠡᠶᠢᠯᠡᠨ ᠠᠷᠢᠯᠭᠠᠵᠤ᠂ ᠬᠠᠭᠠᠯᠪᠤᠷᠢᠯᠠᠨ ᠲᠠᠷᠢᠵᠤ ᠪᠣᠵᠠᠷ ᠡᠪᠡᠰᠦ ᠶᠢ ᠠᠷᠢᠯᠭᠠᠨ᠎ᠠ᠃ ᠴᠢᠬᠢᠯᠡᠬᠦ | ᠦᠶ᠎ᠡ ᠶᠢᠨ ᠦᠨᠳᠦᠰᠦ ᠶᠢᠨ ᠪᠡᠲᠡᠭᠢ ᠨᠢ ᠴᠥᠭᠡᠨ᠂ ᠠᠽᠣᠲ ᠲᠣᠭᠲᠠᠭᠠᠬᠤ ᠴᠢᠳᠠᠪᠤᠷᠢ ᠨᠢ ᠪᠠᠭᠤᠷᠠᠢ᠂ ᠪᠠᠭ᠎ᠠ | ᠬᠡᠮᠵᠢᠶᠡᠨ ᠤ ᠲᠦᠷᠭᠡᠨ ᠦᠢᠯᠡᠳᠦᠯᠳᠦ ᠠᠽᠣᠲ ᠪᠣᠷᠳᠣᠭᠤᠷ ᠢ ᠬᠡᠷᠡᠭᠯᠡᠵᠦ᠂ ᠨᠢᠯᠬ᠎ᠠ ᠴᠢᠬᠢ ᠶᠢᠨ ᠥᠰᠦᠯᠲᠡ | ᠪᠤᠶᠢᠵᠢᠯᠲᠠ ᠶᠢ ᠠᠬᠢᠭᠤᠯᠤᠨ᠎ᠠ᠃ ᠳᠠᠷᠠᠭ᠎ᠠ ᠵᠢᠯ ᠳᠤᠨᠢ ᠨᠣᠭᠤᠭᠠᠷᠠᠬᠤ ᠪᠠ ᠤᠳᠠᠭ᠎ᠠ ᠪᠦᠷᠢ ᠬᠠᠳᠤᠭᠰᠠᠨ ᠤ ᠳᠠᠷᠠᠭ᠎ᠠ | ᠪᠠᠰᠠ ᠹᠣᠰᠹᠣᠷ ᠪᠣᠷᠳᠣᠭᠤᠷ ᠨᠡᠮᠡᠵᠦ ᠣᠷᠣᠭᠤᠯᠪᠠᠯ ᠵᠣᠬᠢᠨ᠎ᠠ᠃ ᠨᠢᠯᠬ᠎ᠠ ᠴᠢᠬᠢ ᠪᠤᠶᠤ ᠨᠣᠭᠤᠭᠠᠷᠠᠬᠤ ᠴᠢᠬᠢ ᠶᠢ 18 | - 25 ᠰᠠᠨᠲ᠋ᠢᠮᠧᠳ᠋ᠷ ᠪᠣᠯᠲᠠᠯ᠎ᠠ ᠤᠷᠭᠤᠭᠤᠯᠤᠭᠰᠠᠨ ᠦᠶ᠎ᠡ ᠳᠤ ᠨᠢᠭᠡ ᠤᠳᠠᠭ᠎ᠠ ᠰᠢᠷᠣᠢ ᠨᠡᠮᠡᠵᠤ᠂ ᠵᠢᠯ ᠪᠦᠷᠢ | ᠡᠪᠦᠯᠵᠢᠬᠦ ᠠᠴᠠ ᠡᠮᠦᠨ᠎ᠡ ᠨᠢᠭᠡ ᠤᠳᠠᠭ᠎ᠠ ᠰᠢᠷᠣᠢ ᠨᠡᠮᠡᠬᠦ ᠶᠢᠨ ᠬᠠᠮᠳᠤ ᠨᠢᠭᠡ ᠤᠳᠠᠭ᠎ᠠ ᠤᠰᠤᠯᠠᠵᠤ᠂ ᠠᠶᠤᠯᠭᠦᠢ | ᠡᠪᠦᠯᠵᠢᠬᠦ ᠳᠤ ᠲᠦᠭᠦᠮ ᠪᠣᠯᠭᠠᠨ᠎ᠠ᠃ | ᠶᠡᠷᠦ ᠳᠡᠭᠡᠨ ᠤᠷᠭᠤᠮᠠᠯ ᠤᠨ ᠡᠰᠢ ᠨᠢ 10% ᠴᠡᠴᠡᠭ ᠳᠡᠯᠭᠡᠷᠡᠭᠰᠡᠨ ᠦᠶ᠎ᠡ ᠳᠤ ᠬᠠᠳᠤᠵᠤ ᠬᠤᠷᠢᠶᠠᠨ᠎ᠠ᠂ ᠵᠢᠯ | ᠪᠦᠷᠢ 2-3 ᠭᠤᠤᠷᠰᠤ ᠬᠠᠳᠤᠨ᠎ᠠ᠂ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠨᠢ 5-7 ᠰᠠᠨᠲ᠋ᠢᠮᠧᠳ᠋ᠷ᠂ | ᠬᠠᠮᠤᠭ ᠰᠡᠭᠦᠯᠴᠢ ᠶᠢᠨ ᠤᠳᠠᠭ᠎ᠠ ᠬᠠᠳᠤᠵᠤ ᠦᠯᠡᠳᠡᠭᠡᠬᠦ ᠥᠨᠳᠥᠷ ᠤᠨ ᠬᠡᠮᠵᠢᠶ᠎ᠡ ᠶᠢ 10-20 ᠰᠠᠨᠲ᠋ᠢᠮᠧᠳ᠋ᠷ | ᠪᠠᠶᠢᠯᠭᠠᠵᠤ᠂ ᠡᠪᠦᠯᠵᠢᠬᠦ ᠳᠤ ᠳᠦᠭᠦᠮ ᠪᠣᠯᠭᠠᠨ᠎ᠠ᠃ ᠦᠷ᠎ᠡ ᠬᠤᠷᠢᠶᠠᠬᠤ ᠳᠠᠭᠠᠨ ᠲᠦᠷᠦᠭᠦᠴᠢ ᠶᠢᠨ ᠭᠤᠤᠷᠰᠤ ᠶᠢᠨ | ᠭᠠᠷᠤᠯᠲᠠ ᠪᠠᠷ ᠬᠠᠮᠤᠭ ᠤᠨ ᠰᠠᠶᠢᠨ ᠪᠠᠶᠢᠳᠠᠭ᠂ ᠬᠡᠷᠪᠡ ᠡᠩ ᠤᠨ ᠲᠦᠷᠦᠭᠦᠦ ᠴᠠᠷᠭᠠᠰᠤ ᠶᠢᠨ ᠭᠠᠵᠠᠷ ᠲᠠᠷᠢᠶ᠎ᠠ ᠶᠢ | ᠠᠰᠢᠭᠯᠠᠨ ᠦᠷ᠎ᠡ ᠲᠡᠭᠦᠭᠦᠪᠡᠯ᠂ ᠨᠢᠭᠡᠳᠦᠭᠡᠷ ᠵᠢᠯ ᠳᠤ ᠳᠤᠲᠠᠭᠤ ᠨᠢᠭᠡ ᠤᠳᠠᠭ᠎ᠠ ᠭᠤᠤᠷᠰᠤ ᠬᠠᠳᠤᠵᠤ᠂ ᠨᠢᠭᠡᠳᠦᠭᠡᠷ | ᠵᠢᠯ ᠳᠤ ᠴᠣᠮᠣᠷᠯᠢᠭ ᠤᠨ ᠡᠮᠦᠨ᠎ᠡ ᠬᠡᠰᠡᠭ ᠴᠠᠷᠭᠠᠰᠤ ᠶᠢ ᠬᠡᠰᠡᠭ ᠣᠭᠲᠤᠯᠠᠵᠤ᠂ ᠦᠷ᠎ᠡ ᠦᠯᠡᠳᠡᠭᠡᠬᠦ ᠭᠠᠵᠠᠷ ᠤᠨ | ᠰᠠᠯᠬᠢ ᠨᠡᠪᠲᠡᠷᠡᠬᠦ ᠭᠡᠷᠡᠯ ᠳᠤᠰᠤᠬᠤ ᠶᠢ ᠨᠡᠮᠡᠭᠳᠡᠭᠦᠯᠵᠦ᠂ ᠦᠷ᠎ᠡ ᠶᠢᠨ ᠤᠨᠠᠯᠲᠠ ᠶᠢ ᠨᠡᠮᠡᠭᠳᠡᠭᠦᠯᠦᠨ᠎ᠡ᠃ |