ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠷᠪᠠᠨ ᠨᠢᠭᠡᠳᠦᠭᠡᠷ | ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠬᠤ ᠠᠵᠢᠯ ᠣᠶᠢᠷ᠎ᠠ ᠳᠤ ᠪᠦᠭᠦᠨ ᠢᠶᠠᠷ ᠢᠶᠠᠨ ᠳᠠᠭᠤᠰᠪᠠ᠃ | ᠣᠶᠢᠷ᠎ᠠ ᠳᠤ᠂ 15 ᠲᠣᠭᠤᠷᠢᠨ ᠪᠠᠶᠢᠴᠠᠭᠠᠬᠤ ᠳᠤᠭᠤᠶᠢᠯᠠᠩ ᠲᠣᠰ ᠡᠭᠡᠯᠵᠢ ᠳᠤ ᠲᠣᠭᠤᠷᠢᠨ ᠪᠠᠶᠢᠴᠠᠭᠠᠭᠰᠠᠨ | 30 ᠬᠤᠰᠢᠭᠤ ᠰᠢᠶᠠᠨ ︵ᠬᠤᠲᠠ᠂ ᠲᠣᠭᠤᠷᠢᠭ ︶᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 6 | ᠰᠠᠯᠠᠭ᠎ᠠ ᠮᠥᠴᠢᠷ ᠪᠣᠯᠣᠨ 6 ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠲᠣᠰ ᠲᠣᠰ ᠨᠢᠭᠡᠳ ᠨᠢᠭᠡ ᠪᠠᠷ | ᠬᠠᠷᠢᠭᠤ ᠲᠤᠰᠬᠠᠪᠠ᠃ ᠲᠣᠭᠤᠷᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠲᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ | ᠬᠠᠷᠢᠭᠤ ᠲᠤᠰᠬᠠᠬᠤ ᠳᠠᠭᠠᠨ᠂ ᠣᠶᠢᠷ᠎ᠠ ᠶᠢᠨ ᠵᠢᠯ ᠠᠴᠠ ᠨᠠᠭᠠᠰᠢ᠂ ᠲᠣᠭᠤᠷᠢᠨ ᠪᠠᠶᠢᠴᠠᠭᠠᠭᠳᠠᠭᠰᠠᠨ ᠨᠠᠮ ᠤᠨ | ᠵᠣᠬᠢᠶᠠᠨ ᠪᠠᠶᠢᠭᠤᠯᠤᠯᠲᠠ ᠨᠤᠭᠤᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠦᠷ᠎ᠡ | ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃ | ᠬᠠᠷᠢᠭᠤ ᠲᠤᠰᠬᠠᠬᠤ ᠳᠠᠭᠠᠨ ᠪᠠᠰᠠ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠳᠤ | ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠪᠠ᠃ ᠬᠤᠰᠢᠭᠤ ᠰᠢᠶᠠᠨ ︵ᠬᠤᠲᠠ᠂ ᠲᠣᠭᠤᠷᠢᠭ ︶ ᠢ | ᠲᠣᠭᠤᠷᠢᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠵᠠᠷᠢᠮ ᠨᠢ ᠡᠭᠦᠷᠭᠡ ᠴᠢᠳᠠᠪᠬᠢ ᠬᠠᠷᠢᠭᠤᠴᠠᠯᠭ᠎ᠠ ᠪᠠᠨ | ᠭᠦᠢᠴᠡᠳᠬᠡᠬᠦ ᠲᠠᠯ᠎ᠠ ᠪᠠᠷ ᠵᠥᠷᠢᠶ᠎ᠡ ᠲᠠᠢ ᠪᠠᠶᠢᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠯᠠᠪᠳᠠᠭᠤᠨ ᠪᠠᠲᠤᠲᠠᠢ ᠪᠢᠰᠢ ᠪᠠᠶᠢᠨ᠎ᠠ ︔ ᠵᠠᠷᠢᠮ ᠨᠢ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠲᠠᠯ᠎ᠠ ᠪᠠᠷ ᠪᠦᠲᠦᠮᠵᠢᠲᠡᠢ ᠪᠢᠰᠢ᠂ ᠤᠯᠠᠨ | ᠲᠦᠮᠡᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠦᠴᠦ | ᠣᠷᠣᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ ︔ ᠵᠠᠷᠢᠮ ᠨᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠴᠢᠩᠭ᠎ᠠ ᠪᠢᠰᠢ᠂ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠣᠭᠤᠷᠢᠨ ᠪᠠᠶᠢᠴᠠᠭᠠᠭᠰᠠᠨ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠪᠠᠶᠢᠳᠠᠯ ᠠᠴᠠ ᠦᠵᠡᠪᠡᠯ᠂ ᠵᠠᠷᠢᠮ ᠨᠢ ᠤᠯᠤᠰ ᠲᠦᠷᠦ ᠶᠢᠨ | ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠷᠦᠯᠴᠡᠬᠦ ᠦᠭᠡᠢ᠂ ᠬᠤᠯᠪᠣᠭᠳᠠᠯ ᠪᠦᠬᠦᠢ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠦᠲᠦᠮᠵᠢᠲᠡᠢ ᠪᠢᠰᠢ ︔ ᠵᠠᠷᠢᠮ ᠨᠢ ᠡᠭᠦᠷᠭᠡ | ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠦᠢᠯᠡᠳᠦᠯ ᠢᠶᠠᠨ ᠭᠦᠢᠴᠡᠳ | ᠪᠠᠳᠠᠷᠠᠭᠤᠯᠤᠭᠰᠠᠨ ᠦᠭᠡᠢ᠂ ᠳᠣᠷᠣᠭᠰᠢ ᠪᠠᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠠᠵᠢᠯ ᠲᠦᠷᠦᠯ ᠳᠤ | ᠬᠢᠨᠠᠯᠲᠠ ᠲᠠᠯᠪᠢᠬᠤ ᠲᠠᠯ᠎ᠠ ᠪᠠᠷ ᠭᠦᠨᠵᠡᠭᠡᠢ ᠪᠢᠰᠢ ᠪᠠᠶᠢᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ | ᠲᠣᠭᠤᠷᠢᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠵᠠᠷᠢᠮ ᠨᠢ ᠭᠤᠣᠯ ᠠᠵᠢᠯ ᠢᠶᠠᠨ ᠭᠦᠨᠵᠡᠭᠡᠶᠢᠷᠡᠭᠦᠯᠦᠨ ᠬᠢᠬᠦ | ᠲᠠᠯ᠎ᠠ ᠪᠠᠷ ᠵᠥᠷᠢᠶ᠎ᠡ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠦᠷᠦᠯᠴᠡᠬᠦ ᠦᠭᠡᠢ | ᠪᠠᠶᠢᠨ᠎ᠠ ︔ ᠵᠠᠷᠢᠮ ᠨᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠡᠷᠴᠢᠮ ᠴᠢᠩᠭ᠎ᠠ ᠦᠭᠡᠢ᠂ | ᠬᠠᠷᠢᠶ᠎ᠠ ᠠᠵᠤ ᠠᠬᠤᠶᠢᠯᠠᠯ ᠢᠶᠠᠨ ᠬᠠᠮᠢᠶᠠᠷᠤᠨ ᠡᠵᠡᠮᠳᠡᠬᠦ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃ | ᠬᠠᠷᠢᠭᠤ ᠲᠤᠰᠬᠠᠬᠤ ᠳᠠᠭᠠᠨ᠂ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠰᠦᠨ ᠱᠤᠤ ᠴᠧᠩ ᠱᠦᠵᠢ ᠶᠢᠨ | ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ | ᠲᠣᠭᠲᠠᠭᠠᠯᠲᠠ ᠪᠠᠨ ᠤᠯᠠᠮ ᠨᠢᠭᠡ ᠠᠯᠬᠤᠮ ᠣᠨᠣᠪᠴᠢᠲᠠᠢ ᠡᠷᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠡᠭᠦᠷᠭᠡᠯᠡᠵᠦ᠂ ᠠᠰᠠᠭᠤᠳᠠᠯ ᠤᠨ ᠪᠤᠢ | ᠪᠣᠯᠤᠭᠰᠠᠨ ᠰᠢᠯᠲᠠᠭᠠᠨ ᠢ ᠪᠦᠭᠦ ᠲᠠᠯ᠎ᠠ ᠪᠠᠷ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ | ᠳᠠᠷᠠᠭᠠᠯᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠲᠦᠷᠭᠡᠨ | ᠰᠠᠶᠢᠲᠤᠷ ᠠᠳᠬᠤᠬᠤ ᠬᠡᠷᠡᠭᠲᠡᠢ᠃ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ | ᠬᠤᠷᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠳᠥᠷᠪᠡᠳᠦᠭᠡᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ | ᠤᠶᠠᠯᠳᠤᠭᠤᠯᠵᠤ᠂ 2025 ᠣᠨ ᠤ ᠠᠵᠢᠯ ᠢ ᠲᠥᠯᠥᠪᠵᠢᠭᠦᠯᠬᠦ ᠲᠠᠢ ᠤᠶᠠᠯᠳᠤᠭᠤᠯᠵᠤ᠂ ᠡᠳᠦᠷ ᠲᠤᠳᠤᠮ ᠤᠨ | ᠠᠵᠢᠯ ᠳᠠᠭᠠᠨ ᠠᠭᠤᠰᠤᠯᠴᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠵᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ᠂ ᠤᠳᠤᠷᠢᠳᠬᠤ ᠪᠠᠭ ᠤᠨ ᠡᠩᠨᠡᠭᠡᠨ ᠤ ᠪᠠᠶᠢᠭᠤᠯᠤᠯᠲᠠ ᠳᠤ ᠠᠭᠤᠰᠤᠯᠴᠠᠭᠤᠯᠵᠤ᠂ | ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠳᠤ | ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠱᠠᠭᠠᠷᠳᠠᠪᠠ᠃ | ᠬᠠᠷᠢᠭᠤ ᠲᠤᠰᠬᠠᠬᠤ ᠳᠠᠭᠠᠨ᠂ ᠲᠣᠭᠤᠷᠢᠨ ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠤᠯᠭᠠᠵᠤ᠂ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠪᠠᠨ ᠡᠷᠡᠰ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠤ ︽ᠨᠢᠭᠡ | ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ ︾ ᠪᠠᠨ ᠰᠠᠶᠢᠲᠤᠷ ᠭᠦᠢᠴᠡᠳᠬᠡᠬᠦ ᠶᠢ ᠱᠠᠯᠠᠪᠳᠠᠭᠤᠯᠤᠨ | ᠰᠠᠨᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ︽ᠠᠯᠳᠠᠭ᠎ᠠ ᠪᠤᠷᠤᠭᠤ ᠪᠠᠨ ᠵᠠᠯᠠᠷᠠᠭᠤᠯᠬᠤ | ᠪᠣᠯ ᠥᠭᠡᠷᠡᠴᠢᠯᠡᠯᠲᠡ ᠮᠥᠨ ︾ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ︽ᠨᠢᠭᠡ ᠱᠤᠭᠤᠮ ︾ ᠤᠨ | ᠬᠠᠷᠢᠭᠤᠴᠠᠯᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠠᠵᠢᠯ ᠲᠥᠷᠥᠯ ᠤᠨ | ᠴᠢᠨᠠᠷᠲᠠᠢ᠂ ᠬᠦᠷᠢᠶ᠎ᠡ ᠴᠠᠷᠠᠭ᠎ᠠ ᠶᠢᠨ ᠴᠢᠨᠠᠷᠲᠠᠢ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ᠂ | ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠢᠵᠢᠯ ᠴᠢᠭᠯᠡᠯ ᠢᠶᠠᠷ ᠬᠦᠴᠦᠯᠡᠵᠦ᠂ ᠢᠵᠢᠯ | ᠠᠯᠬᠤᠮ ᠢᠶᠠᠷ ᠤᠷᠤᠭᠰᠢᠯᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠣᠨ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠡᠳᠦᠷ ᠲᠤᠳᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠬᠠᠲᠠᠭᠤ ᠲᠠᠢ ᠨᠢ ᠬᠠᠯᠳᠠᠵᠤ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠶᠠᠪᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠬᠢᠨ ᠪᠠᠰᠠ ᠵᠠᠷᠢᠮ ᠤᠳᠤᠷᠢᠳᠬᠤ ᠺᠠᠳ᠋ᠷ ᠢ ᠲᠤᠰᠬᠠᠭᠰᠠᠨ ᠠᠰᠠᠭᠤᠳᠠᠯ ᠤᠨ ᠰᠦᠪᠡᠭᠴᠢ ᠶᠢ | ᠬᠤᠷᠢᠶᠠᠨ ᠣᠯᠵᠤ᠂ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠬᠤᠯᠪᠣᠭᠳᠠᠯ ᠪᠦᠬᠦᠢ ᠲᠠᠯ᠎ᠠ ᠳᠤ ᠰᠢᠯᠵᠢᠭᠦᠯᠦᠨ ᠰᠢᠢᠳᠪᠦᠷᠢᠯᠡᠭᠦᠯᠪᠡ᠃ |