ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠪᠣᠯᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ︽2024 ᠣᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠤᠨ ᠤᠷᠤᠯᠳᠤᠭᠠᠨ ᠤ ᠰᠢᠯᠢᠳᠡᠭ ᠲᠦᠷᠦᠯ ᠵᠦᠢᠯ ᠤᠨ | ᠨᠡᠷᠡᠰ ︾ ᠢ ᠨᠡᠶᠢᠲᠡᠯᠡᠪᠡ᠃ ᠬᠢᠩᠭᠠᠨ ᠠᠶᠢᠮᠠᠭ ᠤᠨ 3 ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠨᠢ | ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠦᠷᠦᠯ ᠵᠦᠢᠯ ᠳᠤ ᠰᠣᠩᠭᠤᠭᠳᠠᠵᠠᠢ᠂ ᠡᠭᠦᠨ ᠳᠤ ︽ᠰᠢᠦᠸᠠᠢ ᠷᠦᠡᠭ | ᠬᠤᠸᠠ ︾ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠨᠢ ᠨᠢᠭᠡᠳᠦᠭᠡᠷ ᠳᠡᠰ ᠤᠨ ᠱᠠᠩᠨᠠᠯ ᠬᠦᠷᠳᠡᠵᠥ᠂ ︽ | ᠡᠷᠳᠡᠮ ᠤᠯᠠᠮᠵᠢᠯᠠᠨ ᠮᠡᠳᠡᠯᠭᠡ ᠬᠦᠷᠭᠡᠬᠦ ︾ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠨᠢ ᠬᠤᠶᠠᠳᠤᠭᠠᠷ | ᠳᠡᠰ ᠤᠨ ᠱᠠᠩᠨᠠᠯ ᠬᠦᠷᠳᠡᠵᠥ᠂ ︽ᠲᠣᠰᠬᠤᠨ ᠤ ᠰᠣᠨᠢᠨ ᠮᠡᠳᠡᠭᠡᠨ ᠤ ᠨᠡᠪᠲᠡᠷᠡᠭᠦᠯᠭᠡ ︾ ᠪᠣᠯᠪᠠᠰᠤᠨ ᠤ | ᠦᠢᠯᠡᠳᠦᠯᠭᠡ ᠶᠢᠨ ᠲᠦᠷᠦᠯ ᠵᠦᠢᠯ ᠨᠢ ᠭᠤᠷᠪᠠᠳᠤᠭᠠᠷ ᠳᠡᠰ ᠤᠨ ᠱᠠᠩᠨᠠᠯ ᠬᠦᠷᠳᠡᠵᠡᠢ᠃ | 2022 ᠣᠨ ᠤ 10 ᠰᠠᠷ᠎ᠠ ᠠᠴᠠ ᠨᠠᠭᠠᠰᠢ᠂ ᠷᠠᠰᠢᠶᠠᠨ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ 300 ᠭᠠᠷᠤᠶ ᠬᠥᠮᠦᠨ ᠢᠶᠠᠷ ᠪᠦᠷᠢᠯᠳᠦᠭᠰᠡᠨ ︽ᠰᠢᠦᠸᠠᠢ ᠷᠦᠡᠭ ᠬᠤᠸᠠ | ︾ᠤᠬᠠᠭᠤᠯᠤᠨ ᠲᠠᠶᠢᠯᠪᠤᠷᠢᠯᠠᠬᠤ ᠠᠩᠭᠢ ᠶᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠤᠨᠤᠯ ᠢ | ᠤᠬᠠᠭᠤᠯᠤᠨ ᠲᠠᠶᠢᠯᠪᠤᠷᠢᠯᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ︽ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ︾᠂ ︽ᠡᠭᠦᠷᠢᠳᠡ ᠨᠠᠮ ᠢᠶᠠᠨ ᠳᠠᠭᠠᠬᠤ · ᠰᠢᠨ᠎ᠡ ᠴᠠᠭ ᠦᠶ᠎ᠡ ᠳᠤ ᠡᠷᠡᠯᠬᠡᠭᠯᠡᠨ | ᠤᠷᠤᠭᠰᠢᠯᠠᠶ᠎ᠠ ︾ᠵᠡᠷᠭᠡ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠢ ᠲᠤᠬᠢᠷᠠᠭᠤᠯᠵᠤ᠂ ︽ᠵᠠᠬᠢᠶᠠᠯᠠᠭ᠎ᠠ ᠬᠢᠬᠦ᠂ | ᠵᠠᠬᠢᠶᠠᠯᠠᠭ᠎ᠠ ᠬᠦᠯᠢᠶᠡᠨ ᠠᠪᠬᠤ᠂ ᠵᠠᠬᠢᠶᠠᠯᠠᠭ᠎ᠠ ᠬᠦᠷᠭᠡᠬᠦ ︾ ᠠᠷᠭ᠎ᠠ ᠬᠡᠯᠪᠡᠷᠢ ᠶᠢ ᠠᠪᠴᠤ᠂ ᠦᠨᠳᠦᠰᠦᠨ | ᠱᠠᠲᠤᠨ ᠳᠤ ᠲᠦᠷᠦ ᠶᠢᠨ ᠪᠤᠳᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠦᠷᠭᠡᠵᠦ᠂ ᠤᠨᠤᠯ ᠤᠨ | ᠤᠬᠠᠭᠤᠯᠤᠨ ᠲᠠᠶᠢᠯᠪᠤᠷᠢᠯᠠᠯᠲᠠ ᠶᠢ ᠦᠨᠳᠦᠰᠦᠨ ᠱᠠᠲᠤᠨ ᠳᠤ ᠬᠥᠭᠵᠢᠶᠡᠨᠲᠡᠢ ᠪᠤᠯᠭᠠᠵᠠᠢ᠃ | 2024 ᠣᠨ ᠤ ᠡᠬᠢ ᠪᠠᠷ᠂ ᠤᠯᠠᠭᠠᠨᠬᠤᠲᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ᠂ ᠥᠷᠲᠡᠭᠡ ᠪᠣᠯᠤᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ᠂ | ︽ᠡᠷᠳᠡᠮ ᠤᠯᠠᠮᠵᠢᠯᠠᠨ ᠮᠡᠳᠡᠯᠭᠡ ᠬᠦᠷᠭᠡᠬᠦ ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠲᠥᠷᠥᠯ ᠵᠦᠢᠯ ᠢ ᠭᠠᠷᠭᠠᠵᠤ᠂ ᠰᠠᠶᠢᠨ ᠲᠤᠷᠠᠴᠤᠤᠯ ᠤᠨ ᠡᠩᠨᠡᠭᠡ ᠶᠢ ᠵᠣᠬᠢᠶᠠᠨ ᠪᠠᠶᠢᠭᠤᠯᠵᠤ ᠬᠡᠷᠡᠭᠯᠡᠭᠡᠨ ᠤ ᠨᠣᠮ | ᠪᠢᠴᠢᠭ ᠢ ᠨᠠᠷᠢᠨ ᠨᠢᠮᠪᠠᠶ ᠰᠢᠯᠢᠨ ᠰᠣᠩᠭᠤᠵᠤ ᠣᠯᠠᠨ ᠲᠦᠮᠡᠨ ᠤ ᠭᠠᠷ ᠲᠤ ᠬᠦᠷᠭᠡᠨ ᠦᠭᠴᠦ᠂ ᠭᠤᠤᠯ ᠰᠡᠳᠦᠪᠲᠦ | ᠤᠡᠭᠰᠢᠯᠭ᠎ᠠ ᠪᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠬᠥᠳᠡᠭᠡ ᠲᠣᠰᠬᠤᠨ ᠤ | ᠤᠩᠰᠢᠯᠭ᠎ᠠ ᠶᠢᠨ ︽ᠬᠠᠮᠤᠬ ᠡᠴᠦᠰ ᠤᠨ ᠨᠢᠭᠡ ᠺᠢᠯᠣᠮᠧᠳ᠋ᠷ ︾ ᠢ ᠨᠡᠪᠲᠡᠷᠡᠭᠦᠯᠵᠦ᠂ ᠬᠥᠳᠡᠭᠡ ᠲᠣᠰᠬᠤᠨ ᠤ ᠣᠯᠠᠨ | ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠂ ︽ᠨᠣᠮ ᠤᠩᠰᠢᠬᠤ ᠳᠤᠷᠠᠲᠠᠶ᠂ | ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠶ ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠪᠠ᠃ | 2024 ᠣᠨ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠪᠠᠷ ᠠᠴᠢᠶᠠᠯᠠᠪᠤᠷᠢ ᠪᠣᠯᠭᠠᠵᠤ᠂ ︽ᠲᠣᠰᠬᠤᠨ ᠤ ᠰᠤᠨᠢᠨ ᠮᠡᠳᠡᠭᠡᠨ ᠤ ᠨᠡᠪᠲᠡᠷᠡᠭᠦᠯᠭᠡ | ︾ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠢ ᠨᠠᠷᠢᠨ ᠨᠢᠮᠪᠠᠢ ᠪᠠᠶᠢᠭᠤᠯᠵᠤ᠂ ︽ᠲᠣᠰᠬᠤᠨ ᠤ | ᠬᠥᠮᠦᠰ ᠲᠣᠰᠬᠤᠨ ᠤ ᠶᠠᠪᠤᠳᠠᠯ ᠢ ᠶᠠᠷᠢᠵᠤ᠂ ᠲᠣᠰᠬᠤᠨ ᠤ ᠶᠠᠪᠤᠳᠠᠯ ᠢᠶᠠᠷ ᠳᠡᠷᠭᠡᠳᠡᠬᠢ ᠬᠥᠮᠦᠰ ᠢᠶᠠᠨ ᠬᠥᠮᠦᠵᠢᠭᠦᠯᠬᠦ | ︾ ᠪᠠᠷ ᠭᠤᠣᠯ ᠬᠡᠯᠪᠡᠷᠢ ᠪᠣᠯᠭᠠᠵᠤ᠂ ︽ᠲᠣᠰᠬᠤᠨ ᠤ ᠬᠥᠮᠦᠰ ︾ ᠢᠶᠠᠷ ᠭᠤᠣᠯ ᠨᠡᠪᠲᠡᠷᠡᠭᠦᠯᠦᠭᠴᠢ ᠪᠣᠯᠭᠠᠵᠤ᠂ | ᠲᠣᠰᠬᠤᠨ ᠤ ᠰᠠᠶᠢᠨ ᠦᠯᠢᠭᠡᠷ ᠢ ᠠᠭᠤᠳᠠᠯᠵᠤ᠂ ᠲᠣᠰᠬᠤᠨ ᠤ ᠰᠠᠶᠢᠨ ᠬᠡᠪ ᠰᠤᠷᠲᠠᠯ ᠢ ᠪᠠᠳᠠᠷᠠᠭᠤᠯᠵᠤ᠂ ᠠᠷᠠᠳ | ᠤᠯᠠᠨ ᠲᠠᠢ ᠣᠶᠢᠷᠠᠲᠤᠬᠤ᠂ ᠠᠮᠢᠳᠤᠷᠠᠯ ᠲᠠᠢ ᠣᠶᠢᠷᠠᠲᠤᠬᠤ ᠶᠢ ᠦᠨᠡᠨᠬᠦ ᠪᠡᠶᠡᠯᠡᠭᠦᠯᠵᠦ᠂ ᠲᠣᠰᠬᠤᠨ ᠤ ᠰᠤᠷᠲᠠᠯ ᠤᠨ | ᠪᠣᠯᠪᠠᠰᠤᠨ ᠤ ᠪᠠᠶᠢᠭᠤᠯᠤᠯᠲᠠ ᠶᠢ ᠦᠨᠳᠦᠰᠦᠨ ᠱᠠᠲᠤᠨ ᠳᠤ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠪᠦᠲᠦᠮᠵᠢᠲᠡᠢ ᠠᠬᠢᠭᠤᠯᠤᠭᠰᠠᠨ ᠪᠠᠶᠢᠨ᠎ᠠ᠃ |