ᠬᠢᠩᠭᠠᠨ ᠠᠶᠢᠮᠠᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠡᠪᠦᠯ ᠤᠨ ᠤᠯᠠᠷᠢᠯ ᠤᠨ ᠪᠤᠯᠪᠠᠰᠤᠷᠠᠯ ᠢᠶᠠᠨ ᠡᠷᠴᠢᠮᠳᠠᠢ ᠶᠠᠪᠤᠬᠳᠠᠭᠤᠯᠵᠦ ᠪᠤᠢ
ᠨᠡᠶᠢᠲᠡᠯᠡᠭᠰᠡᠨ ᠴᠠᠭ᠄
2025/1/21
   ᠪᠣᠯᠪᠠᠰᠤᠷᠠᠯ ᠤᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠯᠣᠭᠤᠳᠣᠭᠴᠢ ᠪᠠᠶᠢᠯᠳᠤᠭᠴᠢᠳ ᠤᠨ ᠡᠪᠦᠯ ᠤᠨ ᠤᠯᠠᠷᠢᠯ ᠤᠨ ᠪᠡᠶ᠎ᠡ ᠶᠢᠨ ᠴᠢᠳᠠᠪᠤᠷᠢ ᠶᠢ ᠪᠠᠳᠤᠯᠠᠬᠤ ᠪᠠᠷ ᠣᠶᠢᠷ᠎ᠠ ᠳᠤ᠂ ᠬᠢᠩᠭᠠᠨ ᠠᠶᠢᠮᠠᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠡᠶ᠎ᠡ ᠶᠢᠨ ᠴᠢᠳᠠᠪᠤᠷᠢ ᠶᠢᠨ ᠰᠠᠭᠤᠷᠢ ᠶᠢ ᠴᠢᠩᠭ᠎ᠠ ᠠᠳᠬᠤᠨ᠂ ᠬᠡᠪ ᠴᠢᠨᠠᠷ ᠪᠠ ᠴᠢᠳᠠᠪᠤᠷᠢ ᠪᠠᠨ ᠴᠢᠩᠭᠠᠷᠠᠭᠤᠯᠵᠤ᠂ ᠴᠡᠷᠢᠭ ᠪᠣᠯᠪᠠᠰᠤᠷᠠᠭᠤᠯᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠡᠪᠦᠯ ᠤᠨ ᠤᠯᠠᠷᠢᠯ ᠤᠨ ᠴᠡᠷᠢᠭ ᠪᠣᠯᠪᠠᠰᠤᠷᠠᠭᠤᠯᠬᠤ ᠬᠠᠯᠠᠭᠤᠨ ᠥᠷᠨᠢᠯᠲᠡ ᠶᠢ ᠪᠥᠬᠦ ᠲᠠᠯ᠎ᠠ ᠪᠠᠷ ᠪᠣᠶ ᠪᠣᠯᠭᠠᠪᠠ᠃    ᠨᠠᠮ ᠤᠨ ᠬᠤᠷᠢᠶ᠎ᠠ ᠶᠢᠨ ᠳᠠᠭᠠᠭᠤᠯᠤᠨ ᠪᠣᠯᠪᠠᠰᠤᠷᠠᠭᠤᠯᠬᠤ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ ᠪᠠᠶᠢᠷᠢᠯᠠᠭᠤᠯᠪᠠ᠃ ᠰᠠᠯᠪᠤᠷᠢ ᠠᠩᠬᠢ ᠶᠢᠨ ᠨᠠᠮ ᠤᠨ ᠬᠤᠷᠢᠶ᠎ᠠ ᠡᠪᠦᠯ ᠤᠨ ᠤᠯᠠᠷᠢᠯ ᠤᠨ ᠴᠡᠷᠢᠭ ᠪᠣᠯᠪᠠᠰᠤᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠠᠶᠢᠴᠢᠯᠠᠨ ᠪᠠᠶᠢᠷᠢᠯᠠᠭᠤᠯᠬᠤ ᠬᠤᠷᠠᠯ᠂ ᠸᠢᠳᠢᠣ᠋ ᠪᠠᠷ ᠠᠬᠢᠭᠤᠯᠬᠤ ᠬᠤᠷᠠᠯ ᠵᠡᠷᠭᠡ ᠶᠢ ᠬᠤᠷᠠᠯᠳᠤᠭᠤᠯᠵᠤ᠂ ᠵᠣᠬᠢᠶᠠᠨ ᠪᠠᠶᠢᠭᠤᠯᠵᠤ ᠪᠣᠯᠪᠠᠰᠤᠷᠠᠭᠤᠯᠬᠤ ᠠᠷᠭ᠎ᠠ ᠶᠢ ᠢᠳᠡᠪᠬᠢᠲᠡᠢ ᠰᠦᠪᠡᠭᠴᠢᠯᠡᠨ ᠲᠡᠭᠦᠯᠳᠡᠷᠵᠢᠭᠦᠯᠵᠦ᠂ ︽ᠲᠣᠭᠲᠠᠭᠰᠠᠨ ᠴᠠᠭ ᠲᠤ ᠲᠥᠪᠯᠡᠷᠡᠭᠦᠯᠦᠨ ᠪᠣᠯᠪᠠᠰᠤᠷᠠᠭᠤᠯᠬᠤ᠂ ᠪᠡᠶ᠎ᠡ ᠪᠠᠨ ᠳᠠᠭᠠᠭᠠᠵᠤ ᠪᠣᠯᠪᠠᠰᠤᠷᠠᠬᠤ᠂ ᠪᠦᠬᠦ ᠠᠵᠢᠯᠳᠠᠨ ᠢ ᠲᠣᠭᠲᠠᠭᠰᠠᠨ ᠬᠤᠭᠤᠴᠠᠭ᠎ᠠ ᠲᠠᠢ ᠪᠠᠷ ᠰᠢᠯᠭᠠᠬᠤ ︾ ᠪᠣᠯᠪᠠᠰᠤᠷᠠᠯ ᠤᠨ ᠵᠠᠭᠪᠤᠷ ᠢ ᠲᠣᠭᠲᠠᠭᠠᠪᠠ᠃ ᠰᠠᠯᠪᠤᠷᠢ ᠠᠩᠬᠢ ᠶᠢᠨ ᠨᠠᠮ ᠤᠨ ᠬᠤᠷᠢᠶ᠎ᠠ ᠶᠢᠨ ᠪᠦᠷᠢᠯᠳᠦᠬᠦᠨ ᠲᠦᠷᠦᠭᠦᠯᠡᠨ ᠪᠣᠯᠪᠠᠰᠤᠷᠠᠯ ᠤᠨ ᠠᠵᠢᠯ ᠳᠤ ᠣᠷᠣᠯᠴᠠᠵᠤ᠂ ᠱᠠᠳᠤ ᠱᠠᠳᠤ ᠪᠠᠷ ᠲᠠᠶᠢᠴᠢᠯᠠᠨ ᠪᠠᠶᠢᠷᠢᠯᠠᠭᠤᠯᠵᠤ᠂ ᠡᠯ᠎ᠡ ᠱᠠᠲᠤᠨ ᠤ ᠬᠢᠨ ᠤ ᠤᠶᠤᠨ ᠴᠢᠳᠠᠯ ᠢᠶᠠᠨ ᠦᠨᠡᠨᠬᠦ ᠭᠤᠣᠯ ᠡᠬᠦᠷᠭᠡ ᠬᠠᠷᠢᠭᠤᠴᠠᠯᠭ᠎ᠠ ᠭᠤᠣᠯ ᠠᠵᠢᠯ ᠦᠢᠯᠡᠰ ᠲᠤ ᠲᠥᠪᠯᠡᠷᠡᠭᠦᠯᠬᠦ ᠶᠢ ᠬᠦᠳᠦᠯᠦᠨ ᠵᠢᠯᠣᠭᠤᠳᠴᠤ᠂ ᠵᠢᠯᠤᠭᠤᠳᠤᠬᠴᠢ ᠪᠠᠶᠢᠯᠳᠤᠭᠴᠢᠳ ᠤᠨ ᠪᠣᠯᠪᠠᠰᠤᠷᠠᠯ ᠤᠨ ᠬᠠᠯᠠᠭᠤᠨ ᠰᠡᠳᠭᠢᠯᠭᠡ ᠶᠢ ᠬᠥᠭᠵᠢᠭᠡᠵᠦ᠂ ᠪᠣᠯᠪᠠᠰᠤᠷᠠᠯ ᠤᠨ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠶᠢ ᠠᠬᠢᠭᠤᠯᠪᠠ᠃    ᠪᠣᠳᠠᠲᠤ ᠪᠠᠶᠢᠯᠳᠤᠭᠠᠨ ᠤ ᠪᠣᠯᠪᠠᠰᠤᠷᠠᠯ ᠢ ᠭᠤᠣᠯᠳᠠᠯᠭ᠎ᠠ ᠲᠠᠢ ᠲᠤᠪᠤᠶᠢᠯᠭᠠᠵᠤ᠂ ᠢᠯᠠᠭᠤᠬᠰᠠᠨ ᠳᠠᠶᠢᠨ ᠬᠢᠬᠦ ᠴᠢᠳᠠᠪᠤᠷᠢ ᠪᠠᠨ ᠳᠡᠭᠡᠭᠰᠢᠯᠡᠭᠦᠯᠪᠡ᠃ 5000 ᠮᠧᠲᠷ ᠤᠨ ᠭᠦᠶᠦᠯᠲᠡ᠂ 100  ᠮᠧᠲᠷ ᠤᠨ ᠬᠦᠨᠳᠦ ᠶᠢ ᠡᠭᠦᠷᠴᠦ ᠭᠦᠶᠦᠬᠦ᠂ 200 ᠮᠧᠲᠷ ᠤᠨ ᠤᠮᠪᠠᠯᠲᠠ ᠵᠡᠷᠭᠡ ᠦᠨᠳᠦᠰᠦᠨ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠢ ᠯᠠᠪᠳᠠᠭᠤᠨ ᠢᠶᠠᠷ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ᠂ ᠪᠥᠬᠦ ᠪᠠᠶᠢᠯᠳᠤᠬᠴᠢ ᠶᠢ ᠣᠷᠣᠯᠴᠠᠭᠤᠯᠵᠤ᠂ ᠪᠥᠬᠦ ᠬᠥᠮᠦᠰ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠴᠡᠷᠢᠭ ᠪᠣᠯᠪᠠᠰᠤᠷᠠᠭᠤᠯᠬᠤ ᠠᠭᠤᠷ ᠠᠮᠢᠰᠬᠤᠯ ᠢ ᠬᠥᠭᠵᠢᠭᠡᠨ ᠲᠠᠢ ᠪᠣᠯᠭᠠᠪᠠ᠃ ᠪᠣᠳᠠᠲᠤ ᠰᠣᠷᠢᠯᠲᠠ ᠪᠣᠯᠪᠠᠰᠤᠷᠠᠯ ᠤᠨ ᠲᠥᠰᠦᠯ ᠢ ᠲᠣᠭᠲᠠᠭᠠᠵᠤ᠂ ᠤᠰᠤᠨ ᠣᠷᠣᠨ᠂ ᠭᠠᠵᠠᠷ ᠬᠥᠳᠡᠯᠦᠯᠲᠡ᠂ ᠪᠣᠷᠣᠭᠠᠨ ᠴᠠᠰᠤ ᠮᠥᠰᠥᠲᠦᠯ ᠤᠨ ᠲᠤᠰᠬᠠᠢ ᠠᠪᠤᠷᠠᠨ ᠲᠤᠰᠠᠯᠠᠬᠤ ᠡᠩᠨᠡᠭᠡ ᠶᠢᠨ ᠪᠣᠳᠠᠲᠤ ᠪᠠᠶᠢᠯᠳᠤᠭᠠᠨᠴᠢᠯᠠᠭᠰᠠᠨ ᠳᠠᠶᠢᠴᠢᠯᠠᠬᠤ ᠰᠣᠷᠢᠯᠲᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠡᠩᠨᠡᠭᠡ ᠶᠢᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠪᠡ᠃    ᠠᠮᠤᠷ ᠲᠦᠪᠰᠢᠨ ᠤ ᠬᠠᠮᠢᠶᠠᠷᠤᠯᠲᠠ ᠪᠣᠯᠪᠠᠰᠤᠷᠠᠯ ᠢ ᠰᠠᠶᠢᠲᠤᠷ ᠠᠳᠬᠤᠵᠤ᠂ ᠪᠣᠯᠪᠠᠰᠤᠷᠠᠯ ᠤᠨ ᠠᠮᠤᠷ ᠲᠦᠪᠰᠢᠨ ᠢ ᠪᠠᠲᠤᠯᠠᠪᠠ᠃ ᠰᠠᠯᠪᠤᠷᠢ ᠠᠩᠭᠢ ︽ᠠᠮᠤᠷ ᠲᠦᠪᠰᠢᠨ ᠢ ᠲᠡᠷᠢᠭᠦᠨ ᠳᠤ ᠲᠠᠯᠪᠢᠵᠦ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ᠡᠪᠦᠯ ᠤᠨ ᠤᠯᠠᠷᠢᠯ ᠤᠨ ᠴᠠᠭ ᠠᠭᠤᠷ ᠤᠨ ᠣᠨᠴᠠᠯᠢᠭ ᠲᠤ ᠴᠢᠭᠯᠡᠭᠦᠯᠦᠨ᠂ ᠪᠤᠯᠪᠠᠰᠤᠷᠠᠯ ᠢ ᠵᠦᠶ ᠵᠣᠬᠢᠰᠲᠠᠶ ᠳᠣᠭᠢᠷᠠᠭᠤᠯᠤᠨ᠂ ᠪᠤᠯᠪᠠᠰᠤᠷᠠᠯ ᠤᠨ ᠦᠷ᠎ᠠ ᠪᠦᠳᠤᠮᠵᠢ ᠶᠢ ᠬᠠᠮᠤᠬ ᠤᠨ ᠶᠡᠭᠡ ᠪᠤᠯᠭᠠᠬᠰᠠᠨ ᠪᠠᠶᠢᠨ᠎ᠠ᠃ ᠡᠯ᠎ᠡ ᠱᠠᠲᠤᠨ ᠤ ᠤᠳᠤᠷᠢᠳᠤᠯᠭ᠎ᠠ ᠨᠠᠷ ᠪᠦᠬᠦ ᠶᠠᠪᠤᠴᠠ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠳᠠᠭᠠᠵᠤ ᠪᠣᠯᠪᠠᠰᠤᠷᠠᠭᠤᠯᠵᠤ᠂ ᠴᠡᠷᠢᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠯᠪᠠᠰᠤᠷᠠᠯ ᠤᠨ ᠠᠮᠤᠷ ᠲᠦᠪᠰᠢᠨ ᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠳᠡᠯ ᠢ ᠰᠡᠷᠭᠡᠶᠢᠯᠡᠬᠦ ᠠᠵᠢᠯ ᠢ ᠢᠮᠠᠭᠲᠠ ᠪᠣᠯᠪᠠᠰᠤᠷᠠᠯ ᠤᠨ ᠪᠦᠬᠦ ᠶᠠᠪᠤᠴᠠ ᠳᠤ ᠲᠤᠭᠤᠰᠢᠯᠠᠭᠤᠯᠵᠤ ᠂ ᠪᠣᠯᠪᠠᠰᠤᠷᠠᠯ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠠᠢ᠃    ᠳᠠᠷᠠᠭᠠᠴᠢ ᠪᠠᠷ᠂ ᠬᠢᠨᠭ᠍ᠭᠠᠨ ᠠᠶᠢᠮᠠᠬ ᠤᠨ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠪᠤᠷᠠᠨ ᠳᠤᠰᠠᠯᠠᠬᠤ ᠰᠠᠯᠪᠤᠷᠢ ᠠᠩᠭᠢ ᠨᠢ ᠳᠤᠰ ᠤᠳᠠᠭᠠᠨ ᠤ ᠡᠪᠦᠯ ᠤᠨ ᠤᠯᠠᠷᠢᠯ ᠤᠨ ᠪᠣᠯᠪᠠᠰᠤᠷᠠᠯ ᠢᠶᠠᠷ ᠬᠥᠲᠥᠯᠦᠮᠵᠢ ᠪᠣᠯᠭᠠᠵᠤ᠂ ᠭᠤᠣᠯ ᠬᠦᠴᠦᠨ ᠴᠡᠷᠢᠭ ᠤᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠴᠡᠷᠢᠭ ᠪᠣᠯᠪᠠᠰᠤᠷᠠᠭᠤᠯᠬᠤ ᠠᠷᠭ᠎ᠠ ᠪᠣᠯᠤᠨ ᠴᠡᠷᠢᠭ ᠪᠣᠯᠪᠠᠰᠤᠷᠠᠭᠤᠯᠬᠤ ᠠᠷᠭ᠎ᠠ ᠪᠠᠷᠢᠯ ᠤᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠪᠠᠶᠢᠯᠳᠤᠭᠠᠨ ᠤ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠡᠩᠨᠡᠭᠡᠨ ᠤ ᠡᠯ᠎ᠡ ᠱᠠᠲᠤᠨ ᠤ ᠴᠢᠳᠠᠪᠤᠷᠢ ᠪᠣᠯᠤᠨ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠨᠡᠩ ᠡᠷᠡᠰ ᠪᠠᠲᠤ᠂ ᠨᠡᠩ ᠴᠤᠭ ᠪᠠᠳᠠᠷᠠᠩᠭᠤᠢ ᠲᠠᠶᠢᠴᠢᠨ ᠵᠣᠷᠢᠭ ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠪᠤᠯᠤᠨ᠎ᠠ᠃
 
ᠢᠷᠡᠯᠲᠡ᠄ ᠤᠯᠠᠭᠠᠨᠬᠤᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号