ᠴᠠᠭᠠᠨ ᠰᠠᠷ᠎ᠠ ᠵᠢᠨ‌ᠦᠨᠦᠷ ᠠᠮᠳᠠ ᠲᠠᠢ ᠲᠦᠴᠢᠦᠸᠠᠨ ᠤ ᠰᠢᠨ᠎ᠡ ᠵᠢᠯ ᠤᠨ ᠭᠤᠤᠯ ᠰᠡᠳᠦᠪᠲᠦ ᠰᠢᠷᠢᠰ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2025/1/21
   1 ᠳ᠋ᠦ᠋ᠭᠡᠷ ᠰᠠᠷ᠎ᠠ ᠶᠢᠨ 20 ᠤ ᠡᠳᠦᠷ᠂ ︽ᠥᠪᠥᠷ ᠮᠣᠩᠭᠤᠯ ᠢᠶᠠᠨ ᠮᠠᠭᠲᠠᠨ ᠳᠠᠭᠤᠯᠠᠵᠤ᠂ ᠲᠦᠴᠢᠦᠸᠠᠨ ᠳᠤ ᠰᠢᠨᠡᠯᠡᠬᠦ︾ ᠭᠡᠬᠦ ᠴᠠᠭᠠᠨ ᠰᠠᠷ᠎ᠠ ᠶᠢᠨ ᠦᠨᠦᠷ ᠠᠮᠲᠠᠲᠤ ᠰᠢᠨ᠎ᠡ ᠵᠢᠯ ᠤᠨ ᠭᠤᠤᠯ ᠰᠡᠳᠦᠪᠲᠦ ᠰᠢᠷᠢᠰ ᠠᠵᠢᠯᠯᠠᠭ᠎ᠠ  ᠶᠢᠨ ᠡᠬᠢᠯᠡᠯᠲᠡ ᠶᠢᠨ ᠶᠣᠰᠣᠯᠠᠯ ᠲᠦᠴᠢᠦᠸᠠᠨ ᠰᠢᠶᠠᠨ ᠤ ᠯᠢᠴᠢᠦᠸᠠᠨ ᠠᠭᠤᠳᠠᠮ ᠲᠠᠯᠠᠪᠠᠶ ᠳᠤ ᠬᠥᠷ ᠬᠥᠭᠵᠢᠶᠡᠨᠲᠡᠶ  ᠪᠠᠷ ᠡᠬᠢᠯᠡᠵᠦ᠂ ᠲᠦᠴᠢᠤᠸᠠᠨ ᠤ ᠠᠷᠠᠳ ᠣᠯᠠᠨ ᠤ ᠠᠩᠬᠠᠷᠤᠯ ᠢ ᠲᠠᠲᠠᠵᠤ᠂ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠪᠠᠶᠠᠰᠤᠯ᠂ ᠳᠠᠭᠤᠤ ᠪᠥᠵᠢᠭ ᠤᠨ ᠳᠤᠮᠳᠠ᠂ ᠲᠦᠴᠢᠦᠸᠠᠨ ᠤ ᠥᠪᠡᠷᠮᠢᠴᠡ ᠷᠢᠳᠢ ᠰᠢᠳᠢ ᠶᠢ ᠭᠦᠶᠴᠡᠳ ᠢᠯᠡᠷᠡᠭᠦᠯᠪᠡ᠃
   ᠬᠠᠷᠠᠩᠭ᠎ᠠ ᠬᠡᠩᠭᠡᠷᠭᠡ ᠶᠢᠨ ᠬᠥᠭᠵᠢᠮ ᠬᠠᠩᠭᠢᠨᠠᠬᠤ ᠶᠢ ᠳᠠᠭᠠᠯᠳᠤᠨ᠂ ᠶᠠᠩᠭᠠᠷ ᠪᠥᠵᠢᠭ᠂ ᠠᠷᠰᠯᠠᠨ ᠪᠥᠵᠢᠭ ᠵᠡᠷᠭᠡ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠳᠠᠷᠠᠭ᠎ᠠ ᠨᠢ᠂ ᠰᠧᠴᠤᠸᠠᠨ ᠵᠦᠴᠦᠭᠡ ᠶᠢᠨ ᠨᠢᠭᠤᠷ ᠴᠢᠷᠠᠶ ᠨᠢ ᠬᠤᠪᠢᠷᠠᠵᠤ᠂ ᠲᠡᠷᠡᠬᠡᠨ ᠵᠠᠭᠤᠷ᠎ᠠ ᠤᠯᠠᠭᠠᠨ ᠴᠢᠷᠠᠶ᠂ ᠬᠥᠬᠡ ᠴᠢᠷᠠᠶ ᠵᠡᠷᠭᠡ ᠴᠢᠷᠠᠶ ᠶᠢᠨ ᠵᠢᠷᠤᠭ ᠨᠢ ᠵᠠᠯᠭᠠᠭ᠎ᠠ ᠪᠠᠷ ᠬᠤᠪᠢᠷᠠᠵᠤ᠂ ᠬᠥᠮᠦᠰ ᠢ ᠭᠠᠶᠢᠬᠠᠰᠢ ᠠᠯᠳᠠᠭᠤᠯᠤᠨ᠎ᠠ᠃ ᠵᠠᠯᠭᠠᠭᠠᠳ ︽ᠠᠯᠳᠠᠨ ᠯᠣᠣ ᠶᠢᠨ ᠪᠦᠵᠢᠭ︾᠂ ︽ᠰᠠᠮᠵᠠ  ᠶᠢᠨ ᠸᠠᠩ︾᠂ ᠳᠠᠭᠤᠤ ︽ᠭᠤᠷᠪᠠᠨ ᠯᠠᠩ ᠭᠤᠷᠪᠠ + ᠲᠩᠷᠢ ᠶᠢᠨ ᠬᠠᠶᠠᠭ᠎ᠠ︾᠂ ︽ᠡᠭᠡᠯ ᠬᠥᠮᠦᠨ ᠤ ᠳᠠᠭᠤᠤ︾ ᠂ ᠪᠥᠵᠢᠭ ︽ᠮᠠᠰᠢᠨ ᠬᠤᠷᠠᠭ ᠪᠢᠴᠢᠬᠠᠨ ᠦᠬᠢᠨ︾᠂ ︽ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠦᠭᠰᠡᠨ ᠨᠢ︾ ᠵᠡᠷᠭᠡ ᠭᠤᠶᠢᠳᠠ ᠰᠠᠶᠢᠬᠠᠨ ᠠᠭᠤᠯᠭ᠎ᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠬᠠᠷᠠᠭᠠᠨ ᠰᠡᠷᠡᠯ ᠪᠠ ᠰᠣᠨᠣᠷ ᠤᠨ ᠰᠡᠷᠡᠯ ᠤᠨ ᠬᠤᠣᠰ ᠬᠦᠷᠲᠡᠭᠡᠯ ᠪᠣᠯᠤᠭᠰᠠᠨ ᠪᠠᠶᠢᠨ᠎ᠠ᠃
   ︽ᠥᠨᠥᠳᠦᠷ ᠨᠠᠭᠠᠴᠤ ᠡᠪᠦᠭᠡ ᠪᠢᠳᠡ ᠬᠤᠶᠠᠷ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠢᠷᠡᠵᠦ᠂ ᠪᠢᠳᠡ ᠭᠤᠴᠣ ᠰᠠᠶᠢᠬᠠᠨ ᠲᠣᠭᠯᠠᠯᠲᠠ ᠰᠣᠨᠢᠷᠬᠠᠯ᠎ᠠ᠂ ᠪᠢ ᠮᠠᠰᠢᠨ ᠬᠤᠷᠠᠭ ᠪᠢᠴᠢᠬᠠᠨ ᠥᠬᠢᠨ ᠪᠣᠯᠤᠨ ᠰᠠᠮᠵᠠ ᠸᠠᠩ  ᠢ ᠣᠯᠵᠤ ᠬᠠᠷᠠᠭᠰᠠᠨ᠂ ᠰᠠᠮᠵᠠ ᠸᠠᠩ ᠢ ᠬᠠᠮᠤᠭ ᠠᠴᠠ ᠦᠵᠡᠬᠦ ᠳᠤᠷᠠᠲᠠᠶ᠃︾ ᠭᠡᠵᠦ ᠲᠤᠬᠠᠢ ᠶᠢᠨ ᠲᠠᠯᠠᠪᠠᠢ ᠶᠢᠨ ᠪᠢᠴᠢᠬᠠᠨ ᠦᠵᠡᠭᠴᠢ ᠴᠧᠩ ᠯᠦᠸᠧ ᠰᠢ ᠪᠠᠶᠠᠷᠲᠠᠢ ᠬᠡᠯᠡᠨ᠎ᠡ᠃
   ᠲᠦᠴᠢᠦᠸᠠᠨ ᠰᠢᠶᠠᠨ ᠤ ᠰᠠᠭᠤᠭᠠᠯᠢ ᠠᠷᠠᠳ ᠵᠠᠩ ᠶᠢᠩ᠄ ︽ᠥᠨᠥᠳᠦᠷ ᠵᠠᠰᠠᠭ ᠤᠨ ᠣᠷᠳᠣᠨ ᠤ ᠠᠳᠡ ᠢᠷᠡᠵᠦ ᠲᠣᠭᠯᠠᠯᠲᠠ ᠰᠣᠨᠢᠷᠬᠠᠪᠠ᠂ ᠠᠷᠰᠯᠠᠨ ᠪᠥᠵᠢᠭᠯᠡᠨ᠎ᠡ᠂ ᠪᠠᠰᠠ ᠣᠯᠠᠨ ᠲᠦᠮᠡᠨ ᠲᠠᠢ ᠮᠠᠰᠢ ᠣᠶᠢᠷᠠᠲᠤᠭᠰᠠᠨ ᠳᠠᠭᠤᠤ ᠶᠢᠨ ᠲᠣᠭᠯᠠᠯᠲᠠ ᠪᠠᠶᠢᠨ᠎ᠠ᠂ ᠠᠩᠬ᠎ᠠ ᠤᠳᠠᠭ᠎ᠠ ᠲᠦᠴᠢᠦᠸᠠᠨ ᠳᠤ ᠡᠶᠢᠮᠦ ᠰᠣᠨᠢᠷᠬᠠᠯᠲᠠᠶ ᠲᠣᠭᠯᠠᠯᠲᠠ ᠶᠢ ᠦᠵᠡᠭᠰᠡᠨ ᠳᠡᠭᠡᠨ ᠮᠠᠰᠢ ᠪᠠᠶᠠᠷᠲᠠᠶ ᠪᠠᠶᠢᠨ᠎ᠠ᠂ ᠬᠤᠵᠢᠮ ᠡᠶᠢᠮᠦ ᠲᠣᠭᠯᠠᠯᠲᠠ ᠶᠢ ᠢᠯᠡᠭᠦᠬᠡᠨ ᠡᠷᠭᠢᠯᠡᠬᠦ ᠶᠢ ᠬᠦᠰᠡᠵᠦ ᠪᠠᠶᠢᠨ᠎ᠠ᠃︾ ᠭᠡᠵᠡᠢ᠃
   ᠠᠵᠢᠯᠯᠠᠭ᠎ᠠ ᠨᠢ ᠪᠠᠰᠠ ᠰᠣᠨᠢᠷᠬᠠᠯᠲᠤ ᠬᠤᠷᠰᠢᠯᠴᠠᠭ᠎ᠠ᠂ ᠱᠠᠩᠨᠠᠯ ᠰᠤᠭᠤᠯᠬᠤ ᠭᠤᠭᠴᠤᠭ᠎ᠠ ᠶᠢ ᠨᠠᠷᠢᠯᠢᠭ ᠪᠠᠶᠢᠷᠢᠯᠠᠭᠤᠯᠵᠤ᠂ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ᠂ ᠪᠠᠶᠠᠷ ᠪᠠᠶᠠᠰᠬᠤᠯᠠᠩᠲᠤ ᠴᠠᠭ ᠮᠥᠴᠡ ᠶᠢ ᠬᠠᠮᠲᠤ  ᠪᠠᠷ ᠡᠳ᠋ᠯᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠲᠤᠯᠤᠭᠠᠨ ᠡᠳᠦᠷ ᠤᠨ ᠬᠤᠭᠤᠴᠠᠭ᠎ᠠ  ᠲᠠᠢ ᠶᠠᠪᠤᠭᠳᠠᠵᠤ᠂ 1 ᠰᠠᠷ᠎ᠠ ᠶᠢᠨ 20 ᠤ ᠡᠳᠦᠷ ᠠᠴᠠ 26 ᠤ ᠡᠳᠦᠷ ᠪᠣᠯᠲᠠᠯ᠎ᠠ ᠯᠢ ᠴᠢᠤᠸᠠᠨ ᠠᠭᠤᠳᠠᠮ ᠲᠠᠯᠠᠪᠠᠶ ᠂ ᠲᠥᠪ ᠴᠡᠴᠡᠷᠯᠢᠭ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠲᠤ ᠠᠭᠤᠯᠭ᠎ᠠ ᠪᠠᠷ ᠪᠠᠶᠠᠯᠢᠭ ᠭᠤᠤᠯ ᠰᠡᠳᠦᠪᠲᠦ ᠰᠢᠷᠢᠰ ᠠᠵᠢᠯᠯᠠᠭ᠎ᠠ ᠶᠢ ᠡᠭᠡᠯᠵᠢᠯᠡᠨ ᠲᠣᠭᠯᠠᠵᠤ᠂ ᠠᠵᠢᠯᠯᠠᠭ᠎ᠠ ᠶᠢᠨ ᠬᠤᠭᠤᠴᠠᠭᠠᠨ ᠳᠤ᠂ ᠦᠳᠡ ᠶᠢᠨ ᠡᠮᠦᠨᠡᠬᠢ 9 ᠴᠠᠭ ᠠᠴᠠ ᠣᠷᠣᠶ ᠶᠢᠨ 8 ᠴᠠᠭ ᠬᠠᠭᠠᠰ ᠪᠣᠯᠲᠠᠯ᠎ᠠ᠂ ᠲᠦᠴᠢᠦᠸᠠᠨ ᠰᠢᠶᠠᠨ ᠤ ᠯᠢ ᠴᠢᠤᠸᠠᠨ ᠠᠭᠤᠳᠠᠮ ᠲᠠᠯᠠᠪᠠᠶ ᠳᠡᠭᠡᠷᠡᠬᠢ ︽ᠴᠡᠴᠡᠭᠲᠦ ᠳᠡᠪᠡᠯ ᠤᠨ ᠶᠡᠭᠡ ᠴᠤᠭᠯᠠᠭᠠᠨ︾ ᠢ ᠪᠥᠬᠦ ᠡᠳᠦᠷ ᠲᠤ ᠳᠡᠯᠭᠡᠨ ᠦᠵᠡᠭᠦᠯᠦᠨ᠎ᠡ᠃ ᠠᠵᠢᠯᠯᠠᠭ᠎ᠠ ᠶᠢ ᠥᠷᠨᠢᠭᠦᠯᠦᠭᠰᠡᠨ ᠨᠢ ᠤᠯᠠᠨ ᠲᠦᠮᠡᠨ ᠢ ᠨᠢᠭᠡ ᠳᠣᠣᠷ᠎ᠠ ︽ᠴᠤᠭᠯᠠᠷᠠᠭᠤᠯᠵᠤ︾᠂ ᠨᠢᠭᠡ ᠳᠣᠣᠷ᠎ᠠ ︽ᠬᠥᠳᠡᠯᠭᠡᠵᠦ︾᠂ ᠨᠢᠭᠡ ᠳᠣᠣᠷ᠎ᠠ ︽ᠪᠠᠶᠠᠷᠯᠠᠭᠤᠯᠤᠭᠰᠠᠨ︾ ᠢᠶᠠᠷ ᠪᠠᠷᠠᠬᠤ ᠦᠭᠡᠢ ᠪᠠᠰᠠ ᠰᠣᠶᠣᠯ  ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠡᠭᠦᠨ ᠤ ᠤᠯᠠᠮ ᠢᠶᠠᠷ ᠥᠷᠭᠡᠨ ᠤᠯᠠᠨ ᠲᠦᠮᠡᠨ ᠤ ᠤᠯᠠᠨ ᠡᠰᠢᠵᠢᠭᠰᠡᠨ᠂ ᠤᠯᠠᠨ ᠲᠡᠰ ᠳᠠᠪᠬᠤᠷᠭ᠎ᠠ ᠶᠢᠨ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠪᠠ᠃
   ᠲᠣᠰ ᠤᠳᠠᠭᠠᠨ ᠤ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠶᠢᠨ ᠶᠡᠷᠦᠩᠬᠡᠶ ᠤᠬᠠᠭᠠᠯᠠᠭᠴᠢ ᠳ᠋ᠦᠩ ᠴᠢᠩ ᠢᠤᠢ ᠲᠠᠨᠢᠯᠴᠠᠭᠤᠯᠬᠤ ᠳᠠᠭᠠᠨ᠄ ︽ᠪᠢᠳᠡ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠲᠦᠴᠢᠦᠸᠠᠨ ᠰᠢᠶᠠᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠲᠣᠰ ᠪᠡᠶ᠎ᠡ ᠶᠢᠨ ᠣᠨᠴᠠᠯᠢᠭ ᠢᠶᠠᠨ ᠳᠣᠪᠣᠶᠢᠯᠭᠠᠵᠤ᠂ ︿ᠥᠪᠥᠷ ᠮᠣᠩᠭᠤᠯ ᠢᠶᠠᠨ ᠮᠠᠭᠲᠠᠨ ᠲᠠᠭᠤᠯᠠᠬᠤ︾ ᠨᠠᠷᠠᠲᠤ ᠲᠡᠮᠳᠡᠭ ᠬᠢᠭᠡᠳ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠢ ᠣᠷᠭᠠᠨᠢᠭ ᠢᠶᠠᠷ ᠡᠮᠬᠢᠯᠡᠨ ᠨᠡᠶᠢᠯᠡᠭᠦᠯᠵᠦ᠂ ︿ᠥᠪᠥᠷ ᠮᠣᠩᠭᠤᠯ ᠢᠶᠠᠨ ᠮᠠᠭᠲᠠᠨ ᠳᠠᠭᠤᠯᠠᠵᠤ᠂ ᠲᠦᠴᠢᠦᠸᠠᠨ ᠳᠤ ᠰᠢᠨᠡᠯᠡᠬᠦ﹀ ᠠᠵᠢᠯᠯᠠᠭ᠎ᠠ ᠶᠢ ᠨᠠᠷᠢᠨ ᠨᠢᠮᠪᠠᠶ ᠪᠡᠯᠡᠳᠬᠡᠵᠦ᠂ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠪᠠᠷ ᠬᠦᠴᠦᠯᠡᠨ ᠴᠢᠷᠮᠠᠶᠢᠵᠤ᠂ ᠲᠦᠴᠢᠦᠸᠠᠨ ᠣᠷᠣᠨ ᠤ ᠠᠷᠠᠳ ᠤᠨ ᠵᠠᠩ ᠦᠶᠯᠡ ᠶᠢᠨ ᠰᠣᠶᠣᠯ ᠬᠢᠭᠡᠳ ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠵᠤ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠪᠠ᠃︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号