︽ᠲᠣᠰᠬᠤᠨ ᠤ ᠬᠠᠮᠲᠤ ᠶᠢᠨ ᠠᠵᠤ ᠠᠬᠤᠢ ᠶᠢᠨ ᠠᠵᠤ ᠦᠢᠯᠡᠰ ᠶᠠᠪᠤᠬᠤ ᠲᠤᠳᠤᠮ ᠬᠦᠴᠦᠷᠬᠡᠭᠵᠢᠵᠦ᠂ | ᠠᠰᠢᠭ ᠣᠷᠣᠯᠭ᠎ᠠ ᠵᠢᠯ ᠵᠢᠯ ᠠᠴᠠ ᠪᠠᠨ ᠨᠡᠮᠡᠭᠳᠡᠵᠦ ᠪᠠᠶᠢᠨ᠎ᠠ᠃︾ ᠲᠦᠴᠢᠦᠸᠠᠨ ᠰᠢᠶᠠᠨ ᠤ ᠵᠢᠦ ᠯᠦᠩ ᠰᠢᠶᠠᠩ | ᠤᠨ ᠱᠢ ᠵᠢᠶᠠ ᠽᠢ ᠲᠣᠰᠬᠤᠨ ᠤ ᠠᠷᠠᠳ ᠮᠠ ᠯᠢ ᡁᠢ ᠶᠢᠨ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ | ᠲᠣᠳᠣᠷᠠᠨ᠎ᠠ᠃ 1 ᠰᠠᠷ᠎ᠠ ᠶᠢᠨ 20 ᠤ ᠡᠳᠦᠷ᠂ ᠲᠦᠴᠢᠦᠸᠠᠨ ᠰᠢᠶᠠᠨ ᠤ ᠵᠢᠦ ᠯᠦᠩ ᠰᠢᠶᠠᠩ ᠤᠨ ᠱᠢ ᠵᠢᠶᠠ ᠽᠢ | ᠲᠣᠰᠬᠤᠨ 2024 ᠣᠨ ᠤ ᠠᠰᠢᠭ ᠬᠤᠪᠢᠶᠠᠬᠤ ᠶᠡᠭᠡ ᠬᠤᠷᠠᠯ ᠬᠢᠵᠦ᠂ ᠲᠣᠰᠬᠤᠨ ᠤ ᠠᠷᠠᠳ ᠨᠢᠭᠡ ᠲᠠᠩᠬᠢᠮ ᠳᠤ | ᠴᠤᠭᠯᠠᠷᠠᠵᠤ᠂ ᠶᠡᠷᠦ ᠪᠤᠰᠤ ᠶᠢᠨ ᠬᠥᠷ ᠬᠥᠭᠵᠢᠶᠡᠨ ᠢᠶᠠᠷ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤ ᠪᠠᠷ ᠭᠡᠷᠡᠴᠢᠯᠡᠵᠦ᠂ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠪᠡ᠃ | | ᠠᠰᠢᠭ ᠬᠤᠪᠢᠶᠠᠬᠤ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠡᠮᠬᠢ ᠵᠢᠷᠤᠮ ᠲᠠᠢ ᠪᠠᠷ ᠮᠥᠷᠯᠡᠵᠦ᠂ | ᠪᠦᠷᠢᠳᠬᠡᠵᠦ᠂ ᠭᠠᠷ ᠤᠨ ᠦᠰᠦᠭ ᠵᠢᠷᠤᠵᠤ᠂ ᠬᠤᠷᠤᠭᠤᠨ ᠤᠷᠤᠮ ᠢᠶᠠᠨ ᠳᠠᠷᠤᠵᠤ᠂ ᠠᠰᠢᠭ ᠬᠤᠪᠢᠶᠠᠬᠤ ᠪᠡᠯᠡ | ᠮᠥᠩᠭᠦ ᠠᠪᠴᠤ᠂ ᠣᠯᠤᠭᠰᠠᠨ ᠠᠰᠢᠭ ᠣᠷᠣᠯᠭ᠎ᠠ ᠪᠠᠨ ᠬᠠᠷᠠᠭᠠᠳ ᠤᠯᠠᠨ ᠢᠶᠠᠷ ᠢᠶᠠᠨ ᠢᠨᠢᠶᠡᠭᠡᠳ ᠠᠮᠠ ᠬᠠᠮᠬᠢᠵᠤ | ᠳᠡᠶᠢᠯᠬᠦ ᠦᠭᠡᠢ ᠪᠠᠶᠢᠯ᠎ᠠ᠃ ᠲᠣᠰᠬᠤᠨ ᠤ ᠠᠷᠠᠳ ᠬᠥᠮᠦᠨ ᠪᠣᠯᠭᠠᠨ ᠳᠤ ᠠᠰᠢᠭ ᠣᠷᠣᠯᠭ᠎ᠠ ᠬᠤᠪᠢᠶᠠᠨ ᠥᠭᠴᠦ᠂ | ᠬᠥᠮᠦᠨ ᠪᠣᠯᠭᠠᠨ ᠢ ᠪᠠᠶᠠᠷᠯᠠᠭᠤᠯᠬᠤ ᠶᠢᠨ ᠠᠷᠤ ᠳᠤ᠂ ᠲᠤᠰ ᠲᠣᠰᠬᠤᠨ ᠨᠢ ᠲᠣᠰᠬᠤᠨ ᠤ ᠬᠠᠮᠲᠤ ᠶᠢᠨ ᠠᠵᠤ | ᠠᠬᠤᠢ ᠶᠢᠨ ︽ᠬᠡᠪᠴᠢᠶ᠎ᠡ︾ ᠶᠢ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ ︽ᠵᠣᠭᠤᠰᠣᠨ ᠴᠦᠩᠬᠦ︾ ᠶᠢ | ᠲᠦᠭᠦᠷᠭᠡᠭᠰᠡᠨ ᠠᠮᠢᠳᠤᠯᠢᠭ ᠦᠢᠯᠡᠳᠦᠯᠭᠡ ᠪᠤᠢ᠃ | | ︽ᠨᠢᠭᠡ ᠬᠥᠮᠦᠨ 200 ᠲᠥᠭᠦᠷᠢᠭ᠂ ᠮᠠᠨ ᠤ ᠭᠡᠷ ᠤᠨ 4 ᠠᠮᠠ ᠬᠥᠮᠦᠨ᠂ 800 ᠲᠥᠭᠦᠷᠢᠭ᠂ ᠪᠠᠰᠠ | ᠨᠢᠭᠡ ᠰᠠᠶᠢᠨ ᠵᠢᠯ ᠪᠤᠯᠤᠯ᠎ᠠ᠃︾ ᠭᠡᠵᠦ ᠲᠣᠰᠬᠤᠨ ᠤ ᠠᠷᠠᠳ ᠯᠢ ᠱᠤ᠋ ᠵᠢᠶᠠᠩ ᠤᠯᠠᠭᠠᠨ ᠪᠠᠭᠯᠠᠭ᠎ᠠ ᠪᠠᠨ ᠡᠪᠦᠷᠯᠡᠨ | ᠪᠠᠶᠠᠷ ᠬᠦᠷ ᠢᠶᠠᠷ ᠪᠢᠯᠬᠠᠨ᠎ᠠ᠃ | | 2019 ᠣᠨ ᠠᠴᠠ ᠡᠮᠦᠨ᠎ᠡ᠂ ᠱᠢ ᠵᠢᠶᠠ ᠽᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ | ᠢᠷᠡᠯᠲᠡ ᠨᠢ ᠭᠤᠤᠯᠳᠠᠭᠤ ᠪᠡᠯᠡᠳᠬᠡᠯ ᠭᠠᠵᠠᠷ ᠢᠶᠠᠷ ᠳᠠᠭᠠᠭᠠᠴᠢᠯᠠᠭᠤᠯᠬᠤ ᠳᠤ ᠲᠦᠰᠢᠭᠯᠡᠵᠦ᠂ ᠣᠷᠣᠯᠭ᠎ᠠ ᠨᠢ | ᠲᠣᠭᠲᠠᠮᠠᠯ ᠪᠥᠭᠡᠳ ᠬᠢᠵᠠᠭᠠᠷ ᠲᠠᠢ ᠪᠠᠶᠢᠪᠠ᠃ ᠬᠡᠷᠬᠢᠨ ᠲᠣᠰᠬᠤᠨ ᠤ ᠬᠠᠮᠲᠤ ᠶᠢᠨ ᠡᠬᠢ ᠪᠠᠶᠠᠯᠢᠭ ᠢ ᠬᠥᠳᠡᠯᠭᠡᠵᠦ᠂ | ᠠᠮᠢᠳᠤᠯᠢᠭ ᠪᠣᠯᠭᠠᠬᠤ ᠨᠢ ᠲᠣᠰᠬᠤᠨ ᠤ ︽ᠬᠤᠶᠠᠷ ᠵᠥᠪᠯᠡᠯ︾ ᠤᠨ ᠡᠮᠦᠨ᠎ᠡ ᠲᠠᠯᠪᠢᠭᠳᠠᠵᠤ ᠪᠠᠶᠢᠭ᠎ᠠ ᠬᠦᠴᠢᠷ | ᠠᠰᠠᠭᠤᠳᠠᠯ ᠪᠣᠯᠵᠠᠢ᠃ 2019 ᠣᠨ ᠤ ᠡᠬᠢ ᠪᠠᠷ᠂ ᠰᠢᠨᠵᠢᠯᠡᠨ ᠪᠠᠶᠢᠴᠠᠭᠠᠬᠤ ᠪᠠ ᠳᠠᠬᠢᠨ ᠳᠠᠪᠲᠠᠨ ᠰᠤᠳᠤᠯᠤᠨ | ᠨᠤᠲᠠᠯᠠᠬᠤ ᠪᠠᠷ ᠳᠡᠮᠵᠢᠨ᠂ ᠠᠷᠠᠳᠴᠢᠯᠠᠯ ᠢᠶᠠᠷ ᠬᠡᠷᠡᠭ ᠵᠥᠪᠯᠡᠵᠦ ᠰᠢᠶᠳᠪᠦᠷᠢᠲᠦ ᠪᠣᠳᠣᠯᠭ᠎ᠠ ᠲᠣᠭᠲᠠᠭᠠᠭᠰᠠᠨ ᠤ | ᠳᠠᠷᠠᠭ᠎ᠠ᠂ ᠱᠢ ᠵᠢᠶᠠ ᠽᠢ ᠲᠣᠰᠬᠤᠨ ᠤᠤᠯ ᠤᠨ ᠪᠡᠯᠡᠳᠬᠡᠯ ᠭᠠᠵᠠᠷ ᠢ ᠳᠠᠭᠠᠭᠠᠴᠢᠯᠠᠭᠤᠯᠬᠤ ᠵᠠᠭᠪᠤᠷ ᠢ | ᠬᠤᠪᠢᠷᠠᠭᠤᠯᠵᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠤᠷᠰᠢᠶ᠎ᠠ ᠲᠠᠢ ᠬᠠᠮᠲᠤ ᠪᠠᠷ | ᠲᠣᠰᠬᠤᠨ ᠤ ᠪᠡᠯᠡᠳᠬᠡᠯ ᠭᠠᠵᠠᠷ ᠢ ᠡᠵᠡᠩᠨᠡᠵᠦ᠂ ︽ᠬᠠᠭᠤᠷᠠᠶ ᠲᠠᠷᠢᠶ᠎ᠠ ᠶᠢ ᠤᠰᠤᠨ ᠲᠠᠷᠢᠶ᠎ᠠ ᠪᠤᠯᠠᠭᠠᠨ ᠥᠭᠡᠷᠡᠴᠢᠯᠡᠬᠦ | ︾ ᠲᠥᠷᠥᠯ ᠵᠦᠶᠯ ᠢ ᠬᠡᠷᠡᠭᠵᠢᠭᠦᠯᠵᠦ᠂ ᠤᠰᠤᠨ ᠲᠤᠲᠤᠷᠭ᠎ᠠ ᠶᠢᠨ ᠠᠵᠤ ᠦᠶᠯᠡᠰ ᠢ ᠬᠥᠭᠵᠢᠭᠦᠯᠬᠦ ᠪᠠᠷ ᠲᠣᠭᠲᠠᠪᠠ᠃ | | | ︽ᠵᠢᠯ ᠪᠣᠯᠭᠠᠨ ᠲᠤᠰᠬᠤᠨ ᠠᠴᠠ ᠶᠡᠬᠡᠩᠬᠢ ᠬᠡᠰᠡᠭ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ | ᠣᠷᠣᠯᠭ᠎ᠠ ᠪᠠᠷ ᠤᠯᠠᠨ ᠲᠦᠮᠡᠨ ᠳᠤ ᠠᠰᠢᠭ ᠬᠤᠪᠢᠶᠠᠷᠢᠯᠠᠵᠤ᠂ ᠦᠯᠡᠳᠡᠭᠰᠡᠨ ᠠᠰᠢᠭ ᠣᠷᠣᠯᠭ᠎ᠠ ᠪᠠᠷ ᠠᠵᠤ ᠦᠢᠯᠡᠰ | ᠤᠨ ᠡᠷᠭᠢᠯᠲᠡ ᠶᠢ ᠪᠠᠲᠤᠯᠠᠬᠤ ᠵᠢᠴᠢ ᠤᠯᠠᠨ ᠨᠡᠶᠢᠲᠡ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠪᠠ ᠪᠦᠳᠦᠭᠡᠨ | ᠪᠠᠶᠢᠭᠤᠯᠵᠤ᠂ ᠤᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ | ᠳᠡᠭᠡᠭᠰᠢᠯᠡᠭᠦᠯᠵᠦ᠂ ᠲᠣᠰᠬᠤᠨ ᠤ ᠱᠠᠲᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠴᠢᠨᠠᠭᠰᠢᠳᠠ ᠲᠠᠶᠢᠴᠢᠯᠠᠨ᠎ᠠ | ᠃︾ ᠭᠡᠵᠦ ᠱᠢ ᠵᠢᠶᠠ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠦ ᠬᠡᠯᠡᠨ᠎ᠡ᠃ | | ᠣᠳᠣᠬᠠᠨ ᠳᠤ᠂ ᠱᠢ ᠵᠢᠶᠠ ᠽᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠵᠤ ᠦᠶᠯᠡᠰ ᠨᠢ ᠤᠤᠯ ᠤᠨ | ᠲᠠᠩ ᠭᠠᠭᠴᠠ ᠭᠠᠵᠠᠷ ᠰᠢᠷᠣᠶ ᠶᠢ ᠳᠠᠭᠠᠭᠠᠴᠢᠯᠠᠭᠤᠯᠵᠤ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠬᠥᠭᠵᠢᠭᠡᠳ | ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠠᠵᠤ ᠦᠶᠯᠡᠰ᠂ ᠲᠣᠰᠬᠤᠨ ᠤ ᠦᠬᠡᠷ ᠢ ᠡᠷᠦᠬᠡ ᠲᠡᠵᠢᠭᠡᠬᠦ᠂ ᠲᠠᠷᠢᠶᠠᠯᠠᠩ | ᠤᠨ ᠮᠠᠰᠢᠨ ᠪᠠᠭᠠᠵᠢ ᠲᠦᠷᠢᠶᠡᠰᠦᠯᠡᠬᠦ ᠵᠡᠷᠭᠡ ᠣᠯᠠᠨ ᠡᠰᠢᠵᠢᠭᠰᠡᠨ ᠬᠥᠭᠵᠢᠯᠲᠡ ᠶᠢᠨ ᠵᠠᠭᠪᠤᠷ ᠪᠣᠯᠵᠠᠶ᠃ 2024 | ᠣᠨ ᠳᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 140 ᠲᠦᠮᠡᠨ ᠲᠥᠭᠦᠷᠢᠭ ᠢ ᠳᠠᠪᠠᠪᠠ᠃ | | ︽ᠡᠨᠡ ᠵᠢᠯ ᠱᠢ ᠵᠢᠶᠠ ᠽᠢ ᠲᠣᠰᠬᠤᠨ ᠪᠠᠰᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠤᠪᠢᠶᠠᠷᠢᠯᠠᠯᠲᠠ | ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ ᠲᠣᠰᠬᠤᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ | ᠶᠢᠨ ᠠᠰᠢᠭ ᠬᠤᠪᠢᠶᠠᠷᠢᠯᠠᠯᠲᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠬᠤᠶᠠᠳᠤᠭᠠᠷ ᠬᠡᠰᠡᠭ ᠤᠨ ᠠᠰᠢᠭ | ᠬᠤᠪᠢᠶᠠᠷᠢᠯᠠᠬᠤ ᠪᠠᠯᠠ ᠮᠥᠩᠭᠦ ᠶᠢ ᠬᠡᠷᠡᠭᠯᠡᠨ ︿ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠤᠪᠢ | ᠬᠤᠷᠠᠮᠳᠤᠭᠤᠯᠵᠤ ᠬᠢᠨᠠᠨ ᠰᠢᠯᠭᠠᠬᠤ ᠶᠢᠨ ᠬᠡᠷᠡᠭᠵᠢᠭᠦᠯᠬᠦ ᠲᠥᠰᠦᠯ﹀ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠤᠨ᠎ᠠ᠂ ᠡᠨᠡ ᠵᠢᠯ ᠰᠢᠯᠢᠳᠡᠭ ᠡᠷᠦᠬᠡ ᠶᠢ ᠬᠦᠬᠢᠭᠦᠯᠬᠦ ᠶᠢᠨ ᠲᠥᠯᠥᠭᠡ᠂ ᠡᠷᠦᠬᠡ ᠪᠦᠷᠢ 200 | ᠲᠥᠭᠦᠷᠢᠭ ᠢᠶᠠᠷ ᠥᠭᠴᠦ᠂ ᠨᠡᠶᠢᠲᠡ 5 ᠲᠦᠮᠡ ᠭᠠᠷᠤᠶ ᠲᠥᠭᠦᠷᠢᠭ ᠣᠯᠭᠤᠵᠤ᠂ ︿ᠣᠯᠠᠨ ᠲᠦᠮᠡᠨ ᠰᠠᠨᠠᠭᠠᠴᠢᠯᠠᠭ᠎ᠠ | ᠥᠬᠡᠶ ᠪᠠᠷ ᠣᠷᠣᠯᠴᠠᠬᠤ﹀ ᠠᠴᠠ ︿ᠰᠠᠨᠠᠭᠠᠴᠢᠯᠠᠭ᠎ᠠ ᠠᠴᠠ ᠪᠠᠨ ᠣᠷᠣᠯᠴᠠᠬᠤ﹀ ᠶᠢ ᠨᠡᠶᠢᠭᠡᠮ ᠤᠨ ᠵᠠᠰᠠᠯᠲᠠ ᠶᠢᠨ | ᠬᠤᠪᠢᠷᠠᠯᠲᠠ ᠳᠤ ᠦᠨᠡᠨ ᠬᠦ ᠪᠡᠶᠡᠯᠡᠭᠦᠯᠦᠨ᠎ᠡ᠃︾ ᠭᠡᠵᠦ ᠱᠢ ᠵᠢᠶᠠ ᠽᠢ ᠲᠣᠰᠬᠤᠨ ᠤ ᠨᠠᠮ ᠤᠨ ᠡᠭᠦᠷ ᠤᠨ ᠱᠦᠵᠢ | ᠯᠢ ᠶᠢᠦ ᠬᠡᠯᠡᠪᠡ᠃ | ᠠᠵᠤ ᠦᠶᠯᠡᠰ ᠬᠥᠭᠵᠢᠵᠦ᠂ ᠠᠮᠢᠳᠤᠷᠠᠯ ᠰᠠᠶ᠋ᠢ ᠥᠭᠡᠳᠡᠯᠡᠵᠦ᠂ ᠲᠣᠰᠬᠤᠨ ᠤ ᠠᠷᠠᠳ ᠤᠨ ︽ᠵᠣᠭᠤᠰᠣᠨ | ᠴᠦᠩᠬᠦ︾ ᠰᠠᠶ᠋ᠢ ᠴᠢᠨᠡᠭᠡᠯᠢᠭᠵᠢᠵᠦ ᠴᠢᠳᠠᠨ᠎ᠠ᠃ ᠬᠠᠮᠲᠤ ᠶᠢᠨ ᠠᠵᠤ ᠠᠬᠤᠶ ᠶᠢᠨ ᠠᠰᠢᠭ ᠬᠤᠪᠢᠶᠠᠷᠢᠯᠠᠯᠲᠠ ᠨᠢ | ᠲᠣᠰᠬᠤᠨ ᠤ ᠠᠷᠠᠳ ᠤᠨ ᠬᠦᠰᠡᠯ ᠡᠷᠡᠮᠡᠯᠵᠡᠯ ᠢ ᠬᠥᠭᠵᠢᠭᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ | ᠬᠥᠭᠵᠢᠯᠲᠡ ᠶᠢᠨ ᠬᠥᠳᠡᠯᠭᠡᠭᠦᠷ ᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠶᠢ ᠨᠠᠩ ᠬᠥᠭᠵᠢᠭᠡᠪᠡ᠃ ᠯᠢ ᠶᠢᠦ ᠬᠡᠯᠡᠬᠦ | ᠳᠡᠭᠡᠨ᠂ ᠲᠣᠰᠬᠤᠨ ᠠᠴᠠ ᠲᠣᠰᠬᠤᠨ ᠤ ᠠᠷᠠᠳ ᠲᠤ ᠨᠢᠭᠡᠨᠲᠡ 6 ᠵᠢᠯ ᠠᠰᠢᠭ ᠬᠤᠪᠢᠶᠠᠨ ᠥᠭᠴᠦ᠂ ᠨᠡᠶᠢᠲᠡ | 128 ᠲᠦᠮᠡᠨ ᠲᠥᠭᠦᠷᠢᠭ ᠤᠨ ᠠᠰᠢᠭ ᠬᠤᠪᠢᠶᠠᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠳᠤᠮᠳᠠ᠂ ᠪᠢᠳᠡ | ᠦᠷᠭᠦᠯᠵᠢᠯᠡᠨ ᠬᠦᠴᠦᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ | ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ | ᠳᠡᠭᠡᠭᠰᠢᠯᠡᠭᠦᠯᠦᠨ᠎ᠡ ᠭᠡᠵᠡᠢ᠃ |