ᠱᠢ ᠵᠢᠶᠠ ᠽᠢ ᠲᠣᠰᠬᠤᠨ ᠤ ᠠᠷᠠᠳ 33 ᠲᠦᠮᠡᠨ ᠲᠥᠭᠦᠷᠢᠭ ᠤᠨ ︽ᠵᠢᠯ ᠤᠨ ᠡᠴᠦᠰ ᠤᠨ ᠱᠠᠩᠨᠠᠯ︾ ᠲᠤᠰᠪᠠ
ᠨᠡᠶᠢᠲᠡᠯᠡᠭᠰᠡᠨ ᠴᠠᠭ᠄
2025/1/22
   ︽ᠲᠣᠰᠬᠤᠨ ᠤ ᠬᠠᠮᠲᠤ ᠶᠢᠨ ᠠᠵᠤ ᠠᠬᠤᠢ ᠶᠢᠨ ᠠᠵᠤ ᠦᠢᠯᠡᠰ ᠶᠠᠪᠤᠬᠤ ᠲᠤᠳᠤᠮ ᠬᠦᠴᠦᠷᠬᠡᠭᠵᠢᠵᠦ᠂ ᠠᠰᠢᠭ ᠣᠷᠣᠯᠭ᠎ᠠ ᠵᠢᠯ ᠵᠢᠯ ᠠᠴᠠ ᠪᠠᠨ ᠨᠡᠮᠡᠭᠳᠡᠵᠦ ᠪᠠᠶᠢᠨ᠎ᠠ᠃︾ ᠲᠦᠴᠢᠦᠸᠠᠨ ᠰᠢᠶᠠᠨ ᠤ ᠵᠢᠦ ᠯᠦᠩ ᠰᠢᠶᠠᠩ  ᠤᠨ ᠱᠢ ᠵᠢᠶᠠ ᠽᠢ ᠲᠣᠰᠬᠤᠨ ᠤ ᠠᠷᠠᠳ ᠮᠠ ᠯᠢ ᡁᠢ ᠶᠢᠨ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠨ᠎ᠠ᠃ 1 ᠰᠠᠷ᠎ᠠ ᠶᠢᠨ 20 ᠤ ᠡᠳᠦᠷ᠂ ᠲᠦᠴᠢᠦᠸᠠᠨ ᠰᠢᠶᠠᠨ ᠤ ᠵᠢᠦ ᠯᠦᠩ ᠰᠢᠶᠠᠩ ᠤᠨ ᠱᠢ ᠵᠢᠶᠠ ᠽᠢ ᠲᠣᠰᠬᠤᠨ 2024 ᠣᠨ ᠤ ᠠᠰᠢᠭ ᠬᠤᠪᠢᠶᠠᠬᠤ ᠶᠡᠭᠡ ᠬᠤᠷᠠᠯ ᠬᠢᠵᠦ᠂ ᠲᠣᠰᠬᠤᠨ ᠤ ᠠᠷᠠᠳ ᠨᠢᠭᠡ ᠲᠠᠩᠬᠢᠮ ᠳᠤ ᠴᠤᠭᠯᠠᠷᠠᠵᠤ᠂ ᠶᠡᠷᠦ ᠪᠤᠰᠤ ᠶᠢᠨ ᠬᠥᠷ ᠬᠥᠭᠵᠢᠶᠡᠨ ᠢᠶᠠᠷ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠭᠡᠷᠡᠴᠢᠯᠡᠵᠦ᠂ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠪᠡ᠃
   ᠠᠰᠢᠭ ᠬᠤᠪᠢᠶᠠᠬᠤ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠡᠮᠬᠢ ᠵᠢᠷᠤᠮ ᠲᠠᠢ ᠪᠠᠷ ᠮᠥᠷᠯᠡᠵᠦ᠂ ᠪᠦᠷᠢᠳᠬᠡᠵᠦ᠂ ᠭᠠᠷ ᠤᠨ ᠦᠰᠦᠭ ᠵᠢᠷᠤᠵᠤ᠂ ᠬᠤᠷᠤᠭᠤᠨ ᠤᠷᠤᠮ ᠢᠶᠠᠨ ᠳᠠᠷᠤᠵᠤ᠂ ᠠᠰᠢᠭ ᠬᠤᠪᠢᠶᠠᠬᠤ ᠪᠡᠯᠡ ᠮᠥᠩᠭᠦ ᠠᠪᠴᠤ᠂ ᠣᠯᠤᠭᠰᠠᠨ ᠠᠰᠢᠭ ᠣᠷᠣᠯᠭ᠎ᠠ ᠪᠠᠨ ᠬᠠᠷᠠᠭᠠᠳ ᠤᠯᠠᠨ ᠢᠶᠠᠷ ᠢᠶᠠᠨ ᠢᠨᠢᠶᠡᠭᠡᠳ ᠠᠮᠠ ᠬᠠᠮᠬᠢᠵᠤ ᠳᠡᠶᠢᠯᠬᠦ ᠦᠭᠡᠢ ᠪᠠᠶᠢᠯ᠎ᠠ᠃ ᠲᠣᠰᠬᠤᠨ ᠤ ᠠᠷᠠᠳ ᠬᠥᠮᠦᠨ ᠪᠣᠯᠭᠠᠨ ᠳᠤ ᠠᠰᠢᠭ ᠣᠷᠣᠯᠭ᠎ᠠ ᠬᠤᠪᠢᠶᠠᠨ ᠥᠭᠴᠦ᠂ ᠬᠥᠮᠦᠨ ᠪᠣᠯᠭᠠᠨ ᠢ ᠪᠠᠶᠠᠷᠯᠠᠭᠤᠯᠬᠤ ᠶᠢᠨ ᠠᠷᠤ ᠳᠤ᠂ ᠲᠤᠰ ᠲᠣᠰᠬᠤᠨ ᠨᠢ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠬᠡᠪᠴᠢᠶ᠎ᠡ︾ ᠶᠢ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ ︽ᠵᠣᠭᠤᠰᠣᠨ ᠴᠦᠩᠬᠦ︾ ᠶᠢ ᠲᠦᠭᠦᠷᠭᠡᠭᠰᠡᠨ ᠠᠮᠢᠳᠤᠯᠢᠭ ᠦᠢᠯᠡᠳᠦᠯᠭᠡ ᠪᠤᠢ᠃
   ︽ᠨᠢᠭᠡ ᠬᠥᠮᠦᠨ 200 ᠲᠥᠭᠦᠷᠢᠭ᠂ ᠮᠠᠨ ᠤ ᠭᠡᠷ ᠤᠨ 4 ᠠᠮᠠ ᠬᠥᠮᠦᠨ᠂ 800 ᠲᠥᠭᠦᠷᠢᠭ᠂ ᠪᠠᠰᠠ ᠨᠢᠭᠡ ᠰᠠᠶᠢᠨ ᠵᠢᠯ ᠪᠤᠯᠤᠯ᠎ᠠ᠃︾ ᠭᠡᠵᠦ ᠲᠣᠰᠬᠤᠨ ᠤ ᠠᠷᠠᠳ ᠯᠢ ᠱᠤ᠋ ᠵᠢᠶᠠᠩ ᠤᠯᠠᠭᠠᠨ ᠪᠠᠭᠯᠠᠭ᠎ᠠ ᠪᠠᠨ ᠡᠪᠦᠷᠯᠡᠨ ᠪᠠᠶᠠᠷ ᠬᠦᠷ ᠢᠶᠠᠷ ᠪᠢᠯᠬᠠᠨ᠎ᠠ᠃
   2019 ᠣᠨ ᠠᠴᠠ ᠡᠮᠦᠨ᠎ᠡ᠂ ᠱᠢ ᠵᠢᠶᠠ ᠽᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠢᠷᠡᠯᠲᠡ ᠨᠢ ᠭᠤᠤᠯᠳᠠᠭᠤ ᠪᠡᠯᠡᠳᠬᠡᠯ ᠭᠠᠵᠠᠷ ᠢᠶᠠᠷ ᠳᠠᠭᠠᠭᠠᠴᠢᠯᠠᠭᠤᠯᠬᠤ ᠳᠤ ᠲᠦᠰᠢᠭᠯᠡᠵᠦ᠂ ᠣᠷᠣᠯᠭ᠎ᠠ ᠨᠢ ᠲᠣᠭᠲᠠᠮᠠᠯ ᠪᠥᠭᠡᠳ ᠬᠢᠵᠠᠭᠠᠷ ᠲᠠᠢ ᠪᠠᠶᠢᠪᠠ᠃ ᠬᠡᠷᠬᠢᠨ ᠲᠣᠰᠬᠤᠨ ᠤ ᠬᠠᠮᠲᠤ ᠶᠢᠨ ᠡᠬᠢ ᠪᠠᠶᠠᠯᠢᠭ ᠢ ᠬᠥᠳᠡᠯᠭᠡᠵᠦ᠂ ᠠᠮᠢᠳᠤᠯᠢᠭ ᠪᠣᠯᠭᠠᠬᠤ ᠨᠢ ᠲᠣᠰᠬᠤᠨ ᠤ ︽ᠬᠤᠶᠠᠷ ᠵᠥᠪᠯᠡᠯ︾ ᠤᠨ ᠡᠮᠦᠨ᠎ᠡ ᠲᠠᠯᠪᠢᠭᠳᠠᠵᠤ ᠪᠠᠶᠢᠭ᠎ᠠ ᠬᠦᠴᠢᠷ ᠠᠰᠠᠭᠤᠳᠠᠯ ᠪᠣᠯᠵᠠᠢ᠃ 2019 ᠣᠨ ᠤ ᠡᠬᠢ ᠪᠠᠷ᠂ ᠰᠢᠨᠵᠢᠯᠡᠨ ᠪᠠᠶᠢᠴᠠᠭᠠᠬᠤ ᠪᠠ ᠳᠠᠬᠢᠨ ᠳᠠᠪᠲᠠᠨ ᠰᠤᠳᠤᠯᠤᠨ ᠨᠤᠲᠠᠯᠠᠬᠤ ᠪᠠᠷ ᠳᠡᠮᠵᠢᠨ᠂ ᠠᠷᠠᠳᠴᠢᠯᠠᠯ ᠢᠶᠠᠷ ᠬᠡᠷᠡᠭ ᠵᠥᠪᠯᠡᠵᠦ ᠰᠢᠶᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭ᠎ᠠ᠂ ᠱᠢ ᠵᠢᠶᠠ ᠽᠢ ᠲᠣᠰᠬᠤᠨ ᠤᠤᠯ ᠤᠨ ᠪᠡᠯᠡᠳᠬᠡᠯ ᠭᠠᠵᠠᠷ ᠢ ᠳᠠᠭᠠᠭᠠᠴᠢᠯᠠᠭᠤᠯᠬᠤ ᠵᠠᠭᠪᠤᠷ ᠢ ᠬᠤᠪᠢᠷᠠᠭᠤᠯᠵᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠤᠷᠰᠢᠶ᠎ᠠ ᠲᠠᠢ ᠬᠠᠮᠲᠤ ᠪᠠᠷ ᠲᠣᠰᠬᠤᠨ ᠤ ᠪᠡᠯᠡᠳᠬᠡᠯ ᠭᠠᠵᠠᠷ ᠢ ᠡᠵᠡᠩᠨᠡᠵᠦ᠂ ︽ᠬᠠᠭᠤᠷᠠᠶ ᠲᠠᠷᠢᠶ᠎ᠠ ᠶᠢ ᠤᠰᠤᠨ ᠲᠠᠷᠢᠶ᠎ᠠ ᠪᠤᠯᠠᠭᠠᠨ ᠥᠭᠡᠷᠡᠴᠢᠯᠡᠬᠦ ︾ ᠲᠥᠷᠥᠯ ᠵᠦᠶᠯ ᠢ ᠬᠡᠷᠡᠭᠵᠢᠭᠦᠯᠵᠦ᠂ ᠤᠰᠤᠨ ᠲᠤᠲᠤᠷᠭ᠎ᠠ ᠶᠢᠨ ᠠᠵᠤ ᠦᠶᠯᠡᠰ ᠢ ᠬᠥᠭᠵᠢᠭᠦᠯᠬᠦ ᠪᠠᠷ ᠲᠣᠭᠲᠠᠪᠠ᠃
   ︽ᠵᠢᠯ ᠪᠣᠯᠭᠠᠨ ᠲᠤᠰᠬᠤᠨ ᠠᠴᠠ ᠶᠡᠬᠡᠩᠬᠢ ᠬᠡᠰᠡᠭ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠪᠠᠷ ᠤᠯᠠᠨ ᠲᠦᠮᠡᠨ ᠳᠤ ᠠᠰᠢᠭ ᠬᠤᠪᠢᠶᠠᠷᠢᠯᠠᠵᠤ᠂ ᠦᠯᠡᠳᠡᠭᠰᠡᠨ ᠠᠰᠢᠭ ᠣᠷᠣᠯᠭ᠎ᠠ ᠪᠠᠷ ᠠᠵᠤ ᠦᠢᠯᠡᠰ  ᠤᠨ ᠡᠷᠭᠢᠯᠲᠡ ᠶᠢ ᠪᠠᠲᠤᠯᠠᠬᠤ ᠵᠢᠴᠢ ᠤᠯᠠᠨ ᠨᠡᠶᠢᠲᠡ ᠶᠢᠨ ᠲᠥᠬᠦᠭᠡᠷᠦᠮᠵᠢ ᠶᠢ ᠰᠡᠯᠪᠢᠨ ᠵᠠᠰᠠᠬᠤ ᠪᠠ ᠪᠦᠳᠦᠭᠡᠨ ᠪᠠᠶᠢᠭᠤᠯᠵᠤ᠂ ᠤᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠲᠣᠰᠬᠤᠨ ᠤ ᠱᠠᠲᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠴᠢᠨᠠᠭᠰᠢᠳᠠ ᠲᠠᠶᠢᠴᠢᠯᠠᠨ᠎ᠠ ᠃︾ ᠭᠡᠵᠦ ᠱᠢ ᠵᠢᠶᠠ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠦ ᠬᠡᠯᠡᠨ᠎ᠡ᠃
   ᠣᠳᠣᠬᠠᠨ ᠳᠤ᠂ ᠱᠢ ᠵᠢᠶᠠ ᠽᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠵᠤ ᠦᠶᠯᠡᠰ ᠨᠢ ᠤᠤᠯ ᠤᠨ ᠲᠠᠩ ᠭᠠᠭᠴᠠ ᠭᠠᠵᠠᠷ ᠰᠢᠷᠣᠶ ᠶᠢ ᠳᠠᠭᠠᠭᠠᠴᠢᠯᠠᠭᠤᠯᠵᠤ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠬᠥᠭᠵᠢᠭᠡᠳ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠠᠵᠤ ᠦᠶᠯᠡᠰ᠂ ᠲᠣᠰᠬᠤᠨ ᠤ ᠦᠬᠡᠷ ᠢ ᠡᠷᠦᠬᠡ ᠲᠡᠵᠢᠭᠡᠬᠦ᠂ ᠲᠠᠷᠢᠶᠠᠯᠠᠩ  ᠤᠨ ᠮᠠᠰᠢᠨ ᠪᠠᠭᠠᠵᠢ ᠲᠦᠷᠢᠶᠡᠰᠦᠯᠡᠬᠦ ᠵᠡᠷᠭᠡ ᠣᠯᠠᠨ ᠡᠰᠢᠵᠢᠭᠰᠡᠨ ᠬᠥᠭᠵᠢᠯᠲᠡ ᠶᠢᠨ ᠵᠠᠭᠪᠤᠷ ᠪᠣᠯᠵᠠᠶ᠃ 2024 ᠣᠨ ᠳᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 140 ᠲᠦᠮᠡᠨ ᠲᠥᠭᠦᠷᠢᠭ ᠢ ᠳᠠᠪᠠᠪᠠ᠃
   ︽ᠡᠨᠡ ᠵᠢᠯ ᠱᠢ ᠵᠢᠶᠠ ᠽᠢ ᠲᠣᠰᠬᠤᠨ ᠪᠠᠰᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠤᠪᠢᠶᠠᠷᠢᠯᠠᠯᠲᠠ  ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ ᠲᠣᠰᠬᠤᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ  ᠶᠢᠨ ᠠᠰᠢᠭ ᠬᠤᠪᠢᠶᠠᠷᠢᠯᠠᠯᠲᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠬᠤᠶᠠᠳᠤᠭᠠᠷ ᠬᠡᠰᠡᠭ ᠤᠨ ᠠᠰᠢᠭ ᠬᠤᠪᠢᠶᠠᠷᠢᠯᠠᠬᠤ ᠪᠠᠯᠠ ᠮᠥᠩᠭᠦ ᠶᠢ ᠬᠡᠷᠡᠭᠯᠡᠨ ︿ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠤᠪᠢ ᠬᠤᠷᠠᠮᠳᠤᠭᠤᠯᠵᠤ ᠬᠢᠨᠠᠨ ᠰᠢᠯᠭᠠᠬᠤ ᠶᠢᠨ ᠬᠡᠷᠡᠭᠵᠢᠭᠦᠯᠬᠦ ᠲᠥᠰᠦᠯ﹀ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠂ ᠡᠨᠡ ᠵᠢᠯ ᠰᠢᠯᠢᠳᠡᠭ ᠡᠷᠦᠬᠡ ᠶᠢ ᠬᠦᠬᠢᠭᠦᠯᠬᠦ ᠶᠢᠨ ᠲᠥᠯᠥᠭᠡ᠂ ᠡᠷᠦᠬᠡ ᠪᠦᠷᠢ 200 ᠲᠥᠭᠦᠷᠢᠭ ᠢᠶᠠᠷ ᠥᠭᠴᠦ᠂ ᠨᠡᠶᠢᠲᠡ 5 ᠲᠦᠮᠡ ᠭᠠᠷᠤᠶ ᠲᠥᠭᠦᠷᠢᠭ ᠣᠯᠭᠤᠵᠤ᠂ ︿ᠣᠯᠠᠨ ᠲᠦᠮᠡᠨ ᠰᠠᠨᠠᠭᠠᠴᠢᠯᠠᠭ᠎ᠠ ᠥᠬᠡᠶ ᠪᠠᠷ ᠣᠷᠣᠯᠴᠠᠬᠤ﹀ ᠠᠴᠠ ︿ᠰᠠᠨᠠᠭᠠᠴᠢᠯᠠᠭ᠎ᠠ ᠠᠴᠠ ᠪᠠᠨ ᠣᠷᠣᠯᠴᠠᠬᠤ﹀ ᠶᠢ ᠨᠡᠶᠢᠭᠡᠮ ᠤᠨ ᠵᠠᠰᠠᠯᠲᠠ ᠶᠢᠨ ᠬᠤᠪᠢᠷᠠᠯᠲᠠ ᠳᠤ ᠦᠨᠡᠨ ᠬᠦ ᠪᠡᠶᠡᠯᠡᠭᠦᠯᠦᠨ᠎ᠡ᠃︾ ᠭᠡᠵᠦ ᠱᠢ ᠵᠢᠶᠠ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠦ ᠬᠡᠯᠡᠪᠡ᠃    ᠠᠵᠤ ᠦᠶᠯᠡᠰ ᠬᠥᠭᠵᠢᠵᠦ᠂ ᠠᠮᠢᠳᠤᠷᠠᠯ ᠰᠠᠶ᠋ᠢ ᠥᠭᠡᠳᠡᠯᠡᠵᠦ᠂ ᠲᠣᠰᠬᠤᠨ ᠤ ᠠᠷᠠᠳ ᠤᠨ ︽ᠵᠣᠭᠤᠰᠣᠨ ᠴᠦᠩᠬᠦ︾ ᠰᠠᠶ᠋ᠢ ᠴᠢᠨᠡᠭᠡᠯᠢᠭᠵᠢᠵᠦ ᠴᠢᠳᠠᠨ᠎ᠠ᠃ ᠬᠠᠮᠲᠤ ᠶᠢᠨ ᠠᠵᠤ ᠠᠬᠤᠶ ᠶᠢᠨ ᠠᠰᠢᠭ ᠬᠤᠪᠢᠶᠠᠷᠢᠯᠠᠯᠲᠠ ᠨᠢ ᠲᠣᠰᠬᠤᠨ ᠤ ᠠᠷᠠᠳ ᠤᠨ ᠬᠦᠰᠡᠯ ᠡᠷᠡᠮᠡᠯᠵᠡᠯ ᠢ ᠬᠥᠭᠵᠢᠭᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠭᠦᠷ ᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠶᠢ ᠨᠠᠩ ᠬᠥᠭᠵᠢᠭᠡᠪᠡ᠃ ᠯᠢ ᠶᠢᠦ ᠬᠡᠯᠡᠬᠦ  ᠳᠡᠭᠡᠨ᠂ ᠲᠣᠰᠬᠤᠨ ᠠᠴᠠ ᠲᠣᠰᠬᠤᠨ ᠤ ᠠᠷᠠᠳ ᠲᠤ ᠨᠢᠭᠡᠨᠲᠡ 6 ᠵᠢᠯ ᠠᠰᠢᠭ ᠬᠤᠪᠢᠶᠠᠨ ᠥᠭᠴᠦ᠂ ᠨᠡᠶᠢᠲᠡ 128 ᠲᠦᠮᠡᠨ ᠲᠥᠭᠦᠷᠢᠭ ᠤᠨ ᠠᠰᠢᠭ ᠬᠤᠪᠢᠶᠠᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠳᠤᠮᠳᠠ᠂ ᠪᠢᠳᠡ ᠦᠷᠭᠦᠯᠵᠢᠯᠡᠨ ᠬᠦᠴᠦᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号