ᠡᠪᠦᠯ ᠤᠨ ᠤᠯᠠᠷᠢᠯ ᠳᠤ ᠬᠦᠯᠡᠮᠵᠢ ᠶᠢᠨ ᠭᠦᠵᠡᠯᠵᠡᠭᠡᠨ᠎ᠡ ᠶᠢᠨ ᠤᠯᠠᠭᠠᠨ ᠠᠭᠠᠯᠵᠢ ᠶᠢ ᠰᠡᠷᠭᠡᠶᠢᠯᠡᠬᠦ ᠲᠤᠬᠠᠢ
ᠨᠡᠶᠢᠲᠡᠯᠡᠭᠰᠡᠨ ᠴᠠᠭ᠄
2025/1/22
   ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ ᠬᠦᠯᠡᠮᠵᠢ ᠳᠤ ᠣᠷᠣᠵᠤ ᠭᠠᠷᠬᠤ ᠬᠥᠮᠥᠰ ᠢ ᠴᠢᠩᠭ᠎ᠠ ᠬᠢᠵᠠᠭᠠᠷᠯᠠᠵᠤ᠂ ᠬᠦᠯᠡᠮᠵᠢ ᠶᠢᠨ ᠡᠭᠦᠳᠡᠨ ᠡᠮᠦᠨ᠎ᠡ ᠠᠷᠢᠭᠤᠳᠬᠠᠬᠤ ᠳᠡᠪᠢᠰᠬᠡᠷ ᠲᠠᠯᠪᠢᠵᠤ᠂ ᠬᠦᠯᠡᠮᠵᠢ ᠳᠤ ᠣᠷᠣᠵᠤ ᠠᠵᠢᠯ ᠤᠨ ᠬᠤᠪᠴᠠᠰᠤ ᠪᠠᠨ ᠰᠣᠯᠢᠵᠤ᠂ ᠬᠥᠮᠥᠨ ᠢ ᠳᠠᠭᠠᠵᠤ ᠬᠠᠯᠳᠠᠪᠤᠷᠢᠯᠠᠬᠤ ᠶᠢ ᠬᠤᠷᠢᠭᠯᠠᠬᠤ ᠬᠡᠷᠡᠭᠲᠡᠢ ︔ ᠪᠠᠭᠠᠵᠢ ᠬᠡᠷᠡᠭᠰᠡᠯ ᠢ ᠲᠤᠰᠬᠠᠢ ᠰᠠᠷᠠᠪᠴᠢᠨ ᠳᠤ ᠳᠠᠯᠪᠢᠨ ᠲᠤᠰᠬᠠᠢ ᠬᠡᠷᠡᠭᠯᠡᠵᠦ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃    ᠲᠥᠷᠥᠯᠬᠢ ᠳᠠᠶᠢᠰᠤᠨ ᠢ ᠠᠰᠢᠭᠯᠠᠨ ᠤᠯᠠᠭᠠᠨ ᠠᠭᠠᠯᠵᠢ ᠶᠢ ᠡᠵᠡᠮᠳᠡᠬᠦ᠃ ᠡᠭᠦᠰᠦᠯᠲᠡ ᠶᠢᠨ ᠡᠬᠢᠨ ᠤ ᠬᠤᠭᠤᠴᠠᠭᠠᠨ ᠳᠤ ᠲᠥᠷᠥᠯᠬᠢ ᠳᠠᠶᠢᠰᠤᠨ ᠢ ᠠᠰᠢᠭᠯᠠᠨ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠶᠢ ᠡᠵᠡᠮᠳᠡᠨ ᠂ ᠴᠡᠴᠡᠭᠯᠡᠬᠦ ᠠᠴᠠ ᠵᠢᠮᠢᠰᠯᠡᠬᠦ ᠬᠤᠭᠤᠴᠠᠭᠠᠨ ᠳᠤ ᠪᠠᠷᠢᠵᠤ ᠢᠳᠡᠬᠦ ᠬᠠᠴᠢᠭ ᠲᠠᠯᠪᠢᠨ ᠭᠠᠷᠭᠠᠳᠠᠭ᠃ ᠪᠠᠷᠢᠵᠤ ᠢᠳᠡᠬᠦ ᠬᠠᠴᠢᠭ ᠲᠠᠯᠪᠢᠬᠤ ᠠᠴᠠ ᠡᠮᠦᠨ᠎ᠡ ᠤᠯᠠᠭᠠᠨ ᠠᠭᠠᠯᠵᠢ ᠶᠢᠨ ᠲᠤᠭ᠎ᠠ ᠶᠢ ᠠᠯᠢ ᠴᠢᠳᠠᠬᠤ ᠪᠠᠷ ᠪᠠᠭᠠᠰᠬᠠᠵᠤ᠂ 1% ᠶᠢᠨ ᠭᠠᠰᠢᠭᠤᠨ ᠬᠤᠵᠢᠷ • ᠪᠠᠷᠤᠷ᠎ᠠ ᠶᠢᠨ ᠡᠳ᠋ ᠪᠤᠶᠤ 10% ᠶᠢᠨ ᠠᠸᠢᠼᠢᠨ ᠤ ᠤᠰᠤᠨ ᠤ ᠲᠠᠷᠠᠬᠠᠢ ᠮᠥᠬᠦᠯᠢᠭ ᠡᠮ ᠢᠶᠠᠷ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ ᠡᠮ ᠬᠡᠷᠡᠭᠯᠡᠭᠰᠡᠨ ᠤ ᠳᠠᠷᠠᠭ᠎ᠠ 5~10 ᠡᠳᠦᠷ᠂ ᠠᠰᠢᠭᠲᠤ ᠬᠤᠣᠷᠳᠠᠯ ᠤᠨ ᠬᠠᠷᠢᠴᠠᠯ 1:10 ᠠᠴᠠ 1:30 ᠶᠢᠨ ᠬᠤᠭᠤᠷᠣᠨᠳᠤ ᠪᠠᠷᠢᠵᠤ ᠢᠳᠡᠬᠦ ᠬᠠᠴᠢᠭ ᠢ ᠲᠠᠯᠪᠢᠨ ᠭᠠᠷᠭᠠᠪᠠᠯ ᠬᠤᠣᠷᠳᠠᠯ ᠤᠨ ᠬᠠᠴᠢᠭ ᠢ ᠨᠡᠯᠢᠶᠡᠳ ᠰᠠᠶᠢᠨ ᠡᠵᠡᠮᠰᠢᠵᠦ ᠴᠢᠳᠠᠨ᠎ᠠ᠃    ᠠᠮᠢᠳᠤ ᠪᠣᠳᠠᠰ ᠤᠨ ᠲᠠᠷᠢᠶᠠᠨ ᠡᠮ ᠢ ᠬᠡᠷᠡᠭᠯᠡᠬᠦ᠃ 99% ᠶᠢᠨ ᠡᠷᠦᠳᠡᠰᠦ ᠶᠢᠨ ᠲᠣᠰᠣ ᠶᠢ ᠤᠰᠤᠨ ᠳᠤ 150~200 ᠳᠠᠬᠢᠨ ᠢᠶᠠᠷ ᠰᠢᠩᠭᠡᠷᠡᠭᠦᠯᠦᠨ ᠬᠡᠷᠡᠭᠯᠡᠵᠦ᠂ ᠪᠦᠬᠦ ᠲᠠᠷᠢᠶᠠᠨ ᠳᠤ ᠪᠦᠬᠦ ᠲᠠᠯ᠎ᠠ ᠪᠠᠷ ᠮᠠᠨᠠᠨᠳᠤᠭᠤᠯᠤᠨ ᠰᠦᠷᠴᠢᠵᠦ᠂ 3 ~ 5 ᠡᠳᠦᠷ ᠤᠨ ᠳᠠᠷᠠᠭ᠎ᠠ ᠬᠤᠶᠠᠳᠠᠭᠢ ᠤᠳᠠᠭ᠎ᠠ ᠰᠦᠷᠴᠢᠵᠦ ᠪᠣᠯᠣᠨ᠎ᠠ᠃ ᠡᠰᠡᠬᠦᠯ᠎ᠡ 10% ᠶᠢᠨ ᠠᠸᠧᠢ ᠪᠠᠺᠲ᠋ᠧᠷᠢ ᠶᠢᠨ ᠡᠳ᠋ ᠤᠨ ᠤᠰᠤᠨ ᠤ ᠲᠠᠷᠬᠠᠮᠠᠯ ᠮᠥᠬᠦᠯᠢᠭ ᠤᠨ ᠨᠠᠶᠢᠷᠠᠯᠭ᠎ᠠ ᠶᠢ 8000 ᠳᠠᠬᠢᠨ ᠠᠴᠠ 10000 ᠳᠠᠬᠢᠨ ᠢᠶᠠᠷ ᠮᠠᠨᠠᠨᠳᠤᠭᠤᠯᠤᠨ ᠰᠦᠷᠴᠢᠵᠦ᠂ 7 ᠡᠳᠦᠷ ᠲᠤ ᠨᠢᠭᠡ ᠤᠳᠠᠭ᠎ᠠ ᠰᠡᠷᠭᠡᠶᠢᠯᠡᠨ ᠵᠠᠰᠠᠵᠤ᠂ ᠬᠤᠶᠠᠷ ᠵᠦᠢᠯ ᠤᠨ ᠡᠮ ᠢ ᠡᠭᠡᠯᠵᠢᠯᠡᠨ ᠬᠡᠷᠡᠭᠯᠡᠪᠡᠯ ᠦᠷ᠎ᠡ ᠳ᠋ᠦᠩ ᠨᠢ ᠨᠡᠩ ᠰᠠᠶᠢᠨ ᠪᠠᠶᠢᠳᠠᠭ᠃    ᠬᠢᠮᠢ ᠶᠢᠨ ᠲᠠᠷᠢᠶᠠᠯᠠᠩ ᠤᠨ ᠡᠮ ᠢ ᠬᠡᠷᠡᠭᠯᠡᠬᠦ᠃ 8% ᠶᠢᠨ ᠠᠸᠢ • ᠳ᠋ᠢᠨ ᠰᠦᠨ ᠲᠣᠰᠣ ᠶᠢ 1500 ᠳᠠᠬᠢᠨ ᠢᠶᠠᠷ ᠮᠠᠨᠠᠨᠳᠤᠭᠤᠯᠤᠨ ᠰᠦᠷᠴᠢᠬᠦ ᠪᠤᠶᠤ 5% ᠶᠢᠨ ᠲᠢᠶᠠᠲ᠋ᠢᠨ ᠤ ᠰᠦᠨ ᠲᠣᠰᠣ ᠶᠢ 1500 ᠳᠠᠬᠢᠨ ᠢᠶᠠᠷ ᠮᠠᠨᠠᠨᠳᠤᠭᠤᠯᠤᠨ ᠰᠦᠷᠴᠢᠵᠦ᠂ 7 ᠡᠳᠦᠷ ᠲᠤ ᠨᠢᠭᠡ ᠤᠳᠠᠭ᠎ᠠ ᠰᠡᠷᠭᠡᠶᠢᠯᠡᠨ ᠵᠠᠰᠠᠵᠤ᠂ ᠬᠤᠶᠠᠷ ᠵᠦᠢᠯ ᠤᠨ ᠡᠮ ᠢ ᠡᠭᠡᠯᠵᠢᠯᠡᠨ ᠬᠡᠷᠡᠭᠯᠡᠪᠡᠯ ᠦᠷ᠎ᠡ ᠳ᠋ᠦᠩ ᠨᠢ ᠨᠡᠩ ᠰᠠᠶᠢᠨ ᠪᠠᠶᠢᠳᠠᠭ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号