ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠴᠢᠨᠠᠷ︾ ᠲᠠᠢ ᠮᠥᠷᠲᠡᠭᠡᠨ ︽ᠵᠢᠰᠦ︾ ᠲᠠᠢ | ᠪᠠᠶᠢᠬᠤ ᠬᠡᠷᠡᠭᠲᠡᠢ᠃ ᠲᠦᠴᠢᠦᠸᠠᠨ ᠰᠢᠶᠠᠨ ᠤ ᠱᠦᠶ ᠴᠢᠤᠸᠠᠨ ᠪᠠᠯᠭᠠᠰᠤ ᠬᠥᠬᠡ ᠣᠭᠲᠠᠷᠭᠤᠶ ᠬᠥᠬᠡᠮᠳᠦᠭ ᠤᠰᠤ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ ᠠᠬᠢᠭᠤᠯᠵᠤ᠂ ᠳᠤᠰᠤᠯᠭᠠᠨ ᠤᠰᠤᠯᠠᠬᠤ ᠪᠦᠰᠡ ᠶᠢ | ᠬᠤᠷᠢᠶᠠᠨ ᠠᠪᠴᠤ ᠳᠠᠬᠢᠨ ᠠᠰᠢᠭᠯᠠᠬᠤ ᠶᠢ ᠢᠳᠡᠪᠬᠢᠲᠡᠶ ᠰᠦᠪᠡᠭᠴᠢᠯᠡᠨ ᠬᠡᠷᠡᠭᠵᠢᠭᠦᠯᠵᠦ᠂ ᠠᠵᠤ ᠠᠬᠤᠶ ᠶᠢᠨ ᠦᠷ᠎ᠡ | ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ︽ᠬᠤᠤᠰ ᠢᠯᠠᠯᠳᠠ︾ ᠶᠢ ᠪᠡᠶᠡᠯᠡᠭᠦᠯᠪᠡ᠃ | | ᠱᠦᠢᠴᠢᠤᠸᠠᠨ ᠪᠠᠯᠭᠠᠰᠤᠨ ᠤ ᠰᠢᠨ ᠶᠢᠨ ᠴᠢᠤᠸᠠᠨ ᠲᠠᠷᠢᠮᠠᠯ ᠲᠡᠵᠢᠭᠡᠪᠦᠷᠢ ᠶᠢᠨ ᠬᠤᠷᠰᠢᠶ᠎ᠠ ᠶᠢᠨ ᠲᠤᠰᠤᠯᠭᠠᠨ | ᠤᠰᠤᠯᠠᠬᠤ ᠪᠦᠰᠡ ᠶᠢᠨ ᠦᠢᠯᠡᠳᠪᠦᠷᠢᠯᠡᠯ ᠤᠨ ᠲᠠᠰᠤᠭ ᠲᠤ ᠣᠷᠣᠬᠤ ᠳᠤ᠂ ᠮᠠᠰᠢᠨ ᠬᠦᠷᠴᠢᠭᠢᠨᠡᠨ ᠳᠤᠤᠭᠠᠷᠴᠤ᠂ | ᠲᠠᠷᠢ ᠲᠡᠭᠰᠢ ᠲᠤᠰᠤᠯᠭᠠᠨ ᠤᠰᠤᠯᠠᠬᠤ ᠪᠦᠰᠡ ᠶᠢᠨ ᠺᠣᠳ᠋ ᠢ ᠡᠮᠬᠢ ᠴᠡᠭᠴᠡ ᠲᠠᠢ ᠲᠠᠯᠪᠢᠵᠤ᠂ ᠠᠵᠢᠯᠴᠢᠳ | ᠪᠣᠯᠪᠠᠰᠤᠷᠠᠩᠭᠤᠢ ᠪᠠᠷ ᠮᠠᠲ᠋ᠧᠷᠢᠶᠠᠯ ᠨᠡᠮᠡᠬᠦ᠂ ᠬᠠᠳᠠᠭᠠᠬᠤ᠂ ᠰᠢᠬᠠᠨ ᠱᠤᠭᠤᠬᠤ᠂ ᠬᠡᠯᠪᠡᠷᠢᠵᠢᠭᠦᠯᠬᠦ᠂ ᠬᠦᠷᠦᠭᠡᠬᠦ᠂ | ᠴᠢᠷᠦᠬᠦ᠂ ᠡᠪᠬᠡᠮᠡᠯ ᠬᠤᠷᠢᠶᠠᠬᠤ ᠵᠡᠷᠭᠡ ᠠᠯᠢ ᠤᠯᠠᠨ ᠠᠵᠢᠯ ᠤᠨ ᠳᠠᠷᠠᠭᠠᠯᠠᠯ ᠢ ᠶᠠᠪᠤᠭᠳᠠᠭᠤᠯᠪᠠ᠃ | ᠵᠢᠯ ᠪᠦᠷᠢ᠂ ᠬᠤᠷᠰᠢᠶ᠎ᠠ ᠶᠢᠨ ᠬᠢᠨ ᠡᠷᠬᠢᠨ ᠲᠣᠭᠤᠷᠢᠨ ᠤ ᠬᠤᠷᠢ ᠭᠠᠷᠤᠢ ᠲᠣᠰᠬᠤᠨ ᠤ ᠠᠷᠠᠳ ᠢ | ᠦᠢᠯᠡᠳᠪᠦᠷᠢ ᠶᠢᠨ ᠲᠠᠰᠤᠬ ᠲᠤ ᠣᠷᠣᠭᠤᠯᠤᠨ ᠠᠵᠢᠯᠯᠠᠭᠤᠯᠳᠠᠭ᠂ ᠬᠡᠳᠦᠶᠢᠪᠡᠷ ᠡᠳᠦᠷ ᠶᠠᠭᠠᠷᠠᠯᠲᠠᠢ ᠠᠵᠢᠯᠯᠠᠵᠤ | ᠪᠠᠶᠢᠪᠠᠴᠤ ᠤᠯᠠᠨ ᠢᠶᠠᠷ ᠢᠶᠠᠨ ᠴᠥᠮ ᠶᠡᠭᠡ ᠤᠯᠤᠯᠳᠠ ᠲᠠᠢ ᠪᠠᠶᠢᠨ᠎ᠠ᠃ | ︽ᠪᠢ ᠠᠳᠡ 4 ᠵᠢᠯ ᠠᠵᠢᠯᠯᠠᠭᠰᠠᠨ᠂ ᠠᠳᠡ ᠠᠵᠢᠯᠯᠠᠭᠠᠳ ᠨᠡᠯᠢᠶᠡᠳ ᠵᠦᠭᠡᠷ᠂ ᠭᠡᠷ ᠠᠴᠠ ᠣᠶᠢᠷᠠᠬᠠᠨ᠂ | ᠲᠠᠷᠢᠶ᠎ᠠ ᠲᠠᠷᠢᠬᠤ ᠶᠢ ᠬᠠᠷᠰᠢᠯᠠᠬᠤ ᠦᠭᠡᠢ᠂ ᠵᠢᠯ ᠪᠦᠷᠢ 6 ᠰᠠᠷ᠎ᠠ ᠬᠢᠵᠦ᠂ ᠰᠠᠷ᠎ᠠ ᠪᠦᠷᠢ 6000 ᠲᠥᠭᠦᠷᠢᠭ ᠤᠨ | ᠴᠠᠯᠢᠩ ᠣᠯᠵᠤ᠂ ᠭᠡᠷ ᠤᠨ ᠢᠶᠠᠨ ᠣᠷᠣᠯᠭ᠎ᠠ ᠶᠢ ᠨᠡᠮᠡᠭᠳᠡᠭᠦᠯᠵᠦ ᠪᠠᠰᠠ ᠶᠠᠳᠠᠷᠠᠬᠤ ᠦᠭᠡᠢ᠂ ᠪᠢᠳᠡ ᠪᠦᠷ ᠮᠠᠰᠢ | ᠬᠠᠨᠤᠮᠵᠢᠲᠠᠶ ᠪᠠᠶᠢᠨ᠎ᠠ᠃︾ ᠭᠡᠵᠦ ᠲᠣᠰᠬᠤᠨ ᠤ ᠠᠷᠠᠳ ᠦ᠋ ᠯᠢ ᠹᠧᠩ ᠪᠠᠶᠠᠷᠲᠠᠢ ᠬᠡᠯᠡᠨ᠎ᠡ᠃ | ᠤᠰᠤ ᠠᠷᠪᠢᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠨᠢᠭᠡᠨᠲᠡ ᠲᠠᠷᠢᠮᠠᠯ ᠲᠠᠷᠢᠬᠤ ᠳᠤ ᠥᠷᠭᠡᠨ ᠢᠶᠠᠷ | ᠬᠡᠷᠡᠭᠯᠡᠵᠦ᠂ ᠤᠨᠠᠯᠲᠠ ᠨᠡᠮᠡᠭᠳᠡᠭᠦᠯᠬᠦ ᠦᠷ᠎ᠡ ᠪᠦᠲᠦᠮᠵᠢ ᠨᠢ ᠨᠡᠯᠢᠶᠡᠳ ᠢᠯᠡᠷᠬᠡᠶ ᠪᠠᠶᠢᠨ᠎ᠠ᠃ ᠭᠡᠪᠡᠴᠦ ᠬᠥᠷᠥᠰᠥᠨ ᠳᠤ | ᠦᠯᠡᠳᠡᠭᠳᠡᠵᠦ ᠪᠠᠶᠢᠭ᠎ᠠ ᠳᠤᠰᠤᠯᠭᠠᠨ ᠤᠰᠤᠯᠠᠬᠤ ᠪᠦᠰᠡ ᠠᠮᠠᠷᠬᠠᠨ ᠵᠠᠳᠠᠷᠠᠬᠤ ᠥᠬᠡᠶ᠂ ᠬᠥᠷᠥᠰᠥ ᠰᠢᠷᠣᠶ ᠳᠤ | ᠪᠣᠬᠢᠷᠲᠤᠯ ᠠᠪᠴᠢᠷᠠᠵᠤ᠂ ᠲᠠᠷᠢᠮᠠᠯ ᠤᠨ ᠤᠨᠠᠯᠲᠠ ᠶᠢ ᠴᠤ ᠨᠥᠯᠥᠭᠡᠯᠡᠳᠡᠭ᠃ | | ᠣᠶᠢᠷ᠎ᠠ ᠶᠢᠨ ᠵᠢᠯ ᠠᠴᠠ ᠨᠠᠭᠠᠰᠢ᠂ ᠱᠦᠶ ᠴᠢᠤᠸᠠᠨ ᠪᠠᠯᠭᠠᠰᠤᠨ ᠤ ᠬᠢᠨ ᠬᠠᠶᠠᠭᠳᠠᠮᠠᠯ ᠬᠠᠭᠤᠴᠢᠨ ᠳᠤᠰᠤᠯᠭᠠᠨ | ᠤᠰᠤᠯᠠᠬᠤ ᠪᠦᠰᠡ ᠶᠢ ᠬᠤᠷᠢᠶᠠᠨ ᠠᠪᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠱᠦᠶ ᠴᠢᠤᠸᠠᠨ | ᠪᠠᠯᠭᠠᠰᠤᠨ ᠤ ᠰᠢᠨ ᠶᠢᠨ ᠴᠢᠤᠸᠠᠨ ᠳᠠᠷᠢᠵᠤ ᠲᠡᠵᠢᠭᠡᠬᠦ ᠬᠤᠷᠰᠢᠶ᠎ᠠ ᠳᠤ ᠳᠤᠰᠤᠯᠭᠠᠨ ᠤᠰᠤᠯᠠᠬᠤ ᠪᠦᠰᠡ ᠶᠢᠨ | ᠦᠶᠯᠡᠳᠪᠦᠷᠢᠯᠡᠯ ᠤᠨ ᠲᠠᠰᠤᠭ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ 6 ᠵᠤᠷᠪᠤᠰ ᠠᠦ᠋ᠲ᠋ᠣᠴᠢᠯᠠᠭᠰᠠᠨ | ᠳᠤᠰᠤᠯᠭᠠᠨ ᠤᠰᠤᠯᠠᠬᠤ ᠪᠦᠰᠡ ᠶᠢᠨ ᠦᠶᠯᠡᠳᠪᠦᠷᠢᠯᠡᠯ ᠤᠨ ᠱᠤᠭᠤᠮ ᠢ ᠪᠠᠶᠢᠭᠤᠯᠵᠤ᠂ ︽ᠠᠵᠤ ᠠᠬᠤᠶᠢᠯᠠᠯ + | ᠲᠠᠷᠢᠶᠠᠴᠢᠨ ᠡᠷᠦᠬᠡ︾ ᠶᠢᠨ ᠬᠤᠷᠢᠶᠠᠨ ᠠᠪᠬᠤ ᠦᠶᠯᠡᠳᠪᠦᠷᠢᠯᠡᠯ ᠤᠨ ᠵᠠᠭᠪᠤᠷ ᠶᠣᠰᠣᠭᠠᠷ᠂ ᠵᠢᠯ ᠪᠦᠷᠢ ᠶᠢᠨ ᠨᠠᠮᠤᠷ | ᠤᠨ ᠤᠯᠠᠷᠢᠯ ᠳᠤ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠠᠴᠠ ᠡᠪᠳᠡᠭᠳᠡᠭᠰᠡᠨ ᠳᠤᠰᠤᠯᠭᠠᠨ ᠤᠰᠤᠯᠠᠬᠤ ᠪᠦᠰᠡ | ᠶᠢ ᠬᠤᠷᠢᠶᠠᠨ ᠠᠪᠴᠤ᠂ ᠨᠢᠭᠡᠳᠦᠯᠲᠡᠶ ᠤᠰᠤ ᠴᠢᠳᠬᠤᠬᠤ᠂ ᠤᠬᠢᠶᠠᠬᠤ᠂ ᠬᠡᠮᠬᠡᠯᠬᠦ ᠪᠠ ᠡᠳ᠋ᠰᠢᠭᠦᠯᠦᠨ ᠰᠢᠶᠳᠪᠦᠷᠢᠯᠡᠬᠦ | ᠪᠠᠷ ᠳᠠᠮᠵᠢᠭᠤᠯᠤᠨ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠬᠤᠷᠰᠢᠶ᠎ᠠ ᠨᠢ ᠨᠢᠭᠡᠨᠲᠡ 3000 ᠲᠣᠨ ᠰᠢᠬᠠᠮ ᠬᠠᠶᠠᠭᠳᠠᠮᠠᠯ ᠬᠠᠭᠤᠴᠢᠨ | ᠲᠤᠰᠤᠯᠭᠠᠨ ᠤᠰᠤᠯᠠᠬᠤ ᠪᠦᠰᠡ ᠶᠢ ᠬᠤᠷᠢᠶᠠᠨ ᠠᠪᠴᠤ᠂ ᠮᠥ ᠪᠦᠷᠢ ᠠᠴᠠ 7 — 8 ᠺᠢᠯᠣᠭ᠍ᠷᠠᠮ ᠬᠤᠷᠢᠶᠠᠨ ᠠᠪᠴᠤ | ᠪᠣᠯᠤᠨ᠎ᠠ᠂ ᠺᠢᠯᠣᠭ᠍ᠷᠠᠮ ᠪᠦᠷᠢ ᠶᠢ ᠬᠤᠷᠢᠶᠠᠨ ᠠᠪᠬᠤ ᠦᠨ᠎ᠡ ᠨᠢ 2.4—2.8 ᠲᠥᠭᠦᠷᠢᠭ ᠪᠠᠶᠢᠵᠤ᠂ ᠲᠠᠷᠢᠶᠠᠴᠢᠨ | ᠡᠷᠦᠬᠡ ᠶᠢᠨ ᠦᠶᠯᠡᠳᠪᠦᠷᠢᠯᠡᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠭᠰᠠᠨ ᠤ ᠬᠠᠮᠲᠤ | ᠵᠠᠬᠢᠶᠠᠯᠠᠭ᠎ᠠ ᠶᠢᠨ ᠲᠤᠬᠠᠶᠢᠯᠠᠭᠰᠠᠨ ᠠᠵᠢᠯ ᠢ ᠥᠷᠭᠡᠨ ᠢᠶᠠᠷ ᠥᠷᠨᠢᠭᠦᠯᠵᠦ᠂ ᠲᠠᠸᠠᠷ ᠢ ᠣᠯᠠᠨ ᠭᠠᠵᠠᠷ ᠲᠤ | ᠪᠣᠷᠣᠯᠠᠭᠤᠯᠵᠤ᠂ ᠦᠷ᠎ᠡ ᠠᠰᠢᠭ ᠢᠯᠡᠳᠲᠡ ᠪᠣᠯᠵᠠᠶ᠃ | ︽ᠪᠢᠳᠡ ᠲᠠᠷᠢᠶᠠᠴᠢᠨ ᠡᠷᠦᠬᠡ ᠶᠢᠨ ᠭᠠᠷ ᠠᠴᠠ ᠬᠤᠷᠢᠶᠠᠨ ᠠᠪᠤᠭᠰᠠᠨ ᠬᠠᠶᠠᠭᠳᠠᠮᠠᠯ ᠬᠠᠭᠤᠴᠢᠨ ᠳᠤᠰᠤᠯᠭᠠᠨ | ᠤᠰᠤᠯᠠᠬᠤ ᠪᠦᠰᠡ ᠶᠢ ᠤᠬᠢᠶᠠᠨ ᠴᠡᠪᠡᠷᠯᠡᠵᠦ᠂ ᠬᠡᠮᠬᠡᠯᠡᠵᠦ᠂ ᠳᠠᠬᠢᠨ ᠰᠢᠨ᠎ᠡ ᠪᠠᠷ ᠳᠤᠰᠤᠯᠭᠠᠨ ᠤᠰᠤᠯᠠᠬᠤ ᠪᠦᠰᠡ | ᠪᠣᠯᠭᠠᠨ ᠪᠣᠯᠪᠠᠰᠤᠷᠠᠭᠤᠯᠵᠤ᠂ ᠲᠦᠴᠢᠦᠸᠠᠨ ᠤ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠳᠤ ᠳᠠᠬᠢᠨ | ᠬᠤᠳᠠᠯᠳᠤᠨ ᠥᠭᠴᠦ᠂ ᠤᠯᠠᠭᠠᠨᠬᠠᠳᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ ᠭᠠᠵᠠᠷ ᠲᠤ | ᠳᠠᠮᠵᠢᠭᠤᠯᠤᠨ ᠪᠣᠷᠣᠯᠠᠭᠤᠯᠵᠤ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠥᠪᠡᠷ ᠤᠨ ᠥᠷᠲᠡᠭ ᠢ ᠪᠠᠭᠠᠰᠬᠠᠭᠰᠠᠨ | ᠮᠥᠷᠲᠡᠭᠡᠨ ᠣᠷᠴᠢᠨ ᠠᠬᠤᠶ ᠶᠢᠨ ᠬᠠᠮᠠᠭᠠᠯᠠᠯᠲᠠ ᠶᠢᠨ ᠡᠷᠴᠢᠮ ᠢ ᠴᠦ ᠶᠡᠭᠡ ᠪᠠᠷ ᠳᠡᠭᠡᠭᠰᠢᠯᠡᠭᠦᠯᠵᠦ᠂ ᠪᠦᠲᠦᠮᠵᠢᠲᠡᠶ | ᠳᠠᠬᠢᠨ ᠠᠰᠢᠭᠯᠠᠬᠤ ᠶᠢ ᠪᠡᠶᠡᠯᠡᠭᠦᠯᠪᠡ᠃︾ ᠭᠡᠵᠦ ᠱᠦᠶ ᠴᠢᠤᠸᠠᠨ ᠪᠠᠯᠭᠠᠰᠤᠨ ᠤ ᠰᠢᠨ ᠶᠢᠨ ᠴᠢᠤᠸᠠᠨ ᠲᠠᠷᠢᠮᠠᠯ | ᠲᠡᠵᠢᠭᠡᠪᠦᠷᠢ ᠶᠢᠨ ᠬᠤᠷᠰᠢᠶ᠎ᠠ ᠶᠢᠨ ᠬᠠᠷᠢᠭᠤᠴᠠᠯᠭᠠᠲᠠᠨ ᠵᠢᠶᠠᠩ ᠬᠦᠶ ᠵᠢᠶᠧ ᠲᠠᠨᠢᠯᠴᠠᠭᠤᠯᠤᠨ᠎ᠠ᠃ |