2024 ᠣᠨ ᠤ 1 - 12 ᠰᠠᠷ᠎ᠠ ᠳᠤ ᠲᠦᠴᠢᠦᠸᠠᠨ ᠰᠢᠶᠠᠨ ᠤ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2025/1/24
  ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠳᠤ ᠪᠥᠬᠦ ᠰᠢᠶᠠᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 109 . 0162 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠲᠦᠷᠦᠭᠦᠦ ᠵᠢᠯ ᠤᠨ ᠬᠢ ᠠᠴᠠ 3 . 2 % ᠢᠶᠠᠷ ᠨᠡᠮᠡᠭᠳᠡᠪᠡ  ᠃ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠲᠠᠪᠤᠳᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 4 . 4 % )  ᠃ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 42 . 1965 ᠳ᠋ᠦᠩᠰᠢᠭᠤᠷ ᠲᠥᠭᠦᠷᠢᠭ ᠲᠤ ᠬᠦᠷᠭᠡᠵᠦ᠂ 5 . 4 % ᠪᠠᠷ ᠨᠡᠮᠡᠭᠳᠡᠭᠦᠯᠦᠨ᠎ᠡ︔ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 23 . 7712 ᠳ᠋ᠦᠩᠰᠢᠭᠤᠷ ᠲᠥᠭᠦᠷᠢᠭ ᠲᠤ ᠬᠦᠷᠴᠦ᠂ 6 . 1 %  ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 43 . 0485 ᠳ᠋ᠦᠩᠰᠢᠭᠤᠷ ᠲᠥᠭᠦᠷᠢᠭ ᠲᠤ ᠬᠦᠷᠭᠡᠵᠦ᠂ 5 . 7 % ᠪᠠᠷ ᠨᠡᠮᠡᠭᠳᠡᠭᠦᠯᠦᠨ᠎ᠡ  ᠃   2024 ᠣᠨ ᠠᠴᠠ 12 ᠰᠠᠷ᠎ᠠ ᠪᠣᠯᠲᠠᠯ᠎ᠠ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 1 . 4 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠨᠢ 6 . 3 % ᠪᠠᠷ ᠨᠡᠮᠡᠭᠳᠡᠪᠡ )  ᠃  ᠃2024 ᠣᠨ ᠤ 1 - 12 ᠰᠠᠷ᠎ᠠ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ ᠪᠡᠶᠡᠯᠡᠭᠦᠯᠦᠭᠰᠡᠨ ᠲᠤᠭ᠎ᠠ ᠨᠢ ᠲᠦᠷᠦᠭᠦᠦ ᠵᠢᠯ ᠤᠨ ᠬᠢ ᠠᠴᠠ ᠪᠠᠨ 10 . 1 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠨᠢ 3 . 1 % ᠪᠠᠷ ᠨᠡᠮᠡᠭᠳᠡᠪᠡ )  ᠃  ᠃2024 ᠣᠨ ᠤ 1 - 12 ᠳ᠋ᠤᠭᠠᠷ ᠰᠠᠷ᠎ᠠ ᠳᠤ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠶᠯ  ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 143076 . 1 ᠲᠦᠮᠡᠨ ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 3 . 1 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠳᠤ ᠲᠠᠪᠤᠳᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 3 . 7 % )  ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号