ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/25
   1 ᠰᠠᠷ᠎ᠠ ᠶᠢᠨ 24 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠧᠩ ᠠᠶ ᠰᠢᠶᠠ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠹᠠᠨ ᠶᠢᠩ ᠴᠧᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠷᠪᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠵᠦ ᠴᠢᠩ ᠯᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠬᠤᠷᠠᠯ ᠢ ᠡᠷᠬᠢᠯᠡᠵᠦ᠂ ᠰᠢᠶᠠᠨ ᠤ ᠤᠳᠤᠷᠢᠳᠤᠯᠭ᠎ᠠ ᠴᠧᠨ ᠭᠦᠸᠧ ᠮᠢᠩ᠂ ᠶᠧ ᠪᠢᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠵᠠᠩ ᠱᠤᠸᠠᠩ ᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠭᠰᠡᠨ ᠪᠥᠭᠡᠳ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠵᠦ᠂ ᠰᠢᠶᠠᠨ  ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠭᠦᠨᠵᠡᠭᠡᠶ ᠥᠷᠨᠢᠭᠦᠯᠪᠡ᠃    ᠹᠧᠩ ᠠᠢ ᠰᠢᠶᠠ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠤᠲᠠᠯᠠᠵᠤ᠂ ᠦᠵᠡᠯ ᠰᠠᠨᠠᠭ᠎ᠠ ᠪᠠᠨ ᠲᠠᠬᠢᠨ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠲᠠᠬᠢᠨ ᠪᠣᠳᠠᠲᠠᠶᠢᠵᠢᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠮᠵᠢ ᠶᠢ ᠦᠨᠡᠨ ᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠲᠠᠯ᠎ᠠ ᠳᠤ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ︔ ᠲᠠᠷᠢᠶᠠᠯᠠᠩ ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢ ᠡᠳ᠋ᠰᠢᠭᠦᠯᠦᠨ ᠣᠨᠳᠣᠣᠰᠢᠭᠤᠯᠬᠤ ᠶᠢ ᠬᠦᠴᠦᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠯᠠᠪᠳᠠᠭᠤᠨ ᠪᠠᠲᠤᠲᠠᠢ ᠪᠠᠬᠢᠵᠢᠭᠦᠯᠦᠨ ᠥᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠵᠠᠩ ᠱᠤᠸᠠᠩ ᠴᠧᠩ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ᠂ ᠪᠥᠬᠦ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠨ᠎ᠠ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号