ᠵᠢᠦ ᠯᠦᠩ ᠰᠢᠶᠠᠩ 2025 ᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠠᠶᠠᠨ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/1/3
   ᠰᠢᠨ᠎ᠡ ᠵᠢᠯ ᠡᠬᠢᠯᠡᠮᠡᠭᠴᠡ᠂ ᠵᠢᠦ ᠯᠦᠩ ᠰᠢᠶᠠᠩ ᠬᠥᠳᠡᠭᠡ ᠲᠣᠰᠬᠤᠨ ᠤ ︽ᠥᠩᠭᠡ ᠵᠢᠰᠦ︾ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠬᠤ ᠶᠢᠨ ᠲᠥᠯᠥᠭᠡ᠂ 2025 ᠣᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠪᠥᠬᠦ ᠲᠠᠯ᠎ᠠ ᠪᠠᠷ ᠥᠷᠨᠢᠭᠦᠯᠵᠦ᠂ ᠴᠣ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠨᠢᠭᠡ ᠵᠢᠯ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠠᠭᠤᠳᠠᠰᠤ ᠶᠢ ᠨᠡᠭᠡᠭᠡᠪᠡ᠃
   ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠪᠠᠷ ᠴᠡᠪᠡᠷᠯᠡᠨ ᠴᠡᠭᠴᠡᠯᠡᠨ᠎ᠡ᠃ ᠪᠥᠬᠦ ᠰᠢᠶᠠᠩ ᠳᠡᠭᠡᠷ᠎ᠡ ᠳᠣᠤᠷ᠎ᠠ ᠱᠠᠲᠤ ᠪᠠᠷ ᠢᠶᠠᠨ ᠬᠥᠳᠡᠯᠦᠯᠴᠡᠵᠦ᠂ ᠲᠣᠰᠬᠤᠨ ᠤ ᠳᠣᠲᠣᠷ᠎ᠠ ᠭᠠᠳᠠᠨᠠᠬᠢ ᠵᠠᠮ ᠳᠠᠭᠠᠤ᠂ ᠭᠤᠤᠯ ᠤᠨ ᠵᠠᠮ ᠤᠨ ᠭᠤᠤ ᠰᠤᠪᠠᠭ᠂ ᠬᠡᠷ ᠪᠠᠶᠢᠰᠢᠩ ᠤᠨ ᠡᠮᠦᠨ᠎ᠡ ᠬᠤᠶᠢᠨ᠎ᠠ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠳᠡᠮ ᠵᠢᠭᠰᠠᠭᠠᠨ ᠪᠠᠶᠢᠴᠠᠭᠠᠵᠤ ᠴᠡᠪᠡᠷᠯᠡᠬᠦ ᠠᠵᠢᠯᠯᠠᠭ᠎ᠠ ᠥᠷᠨᠢᠭᠦᠯᠪᠡ᠃ ᠰᠢᠶᠠᠩ ᠲᠣᠰᠬᠤᠨ ᠤ ᠺᠠᠳ᠋ᠷ᠂ ᠰᠠᠶᠢᠨ ᠳᠤᠷ᠎ᠠ ᠶᠢᠨ ᠠᠵᠢᠯᠯᠠᠭᠰᠠᠳ᠂ ᠴᠡᠪᠡᠷᠯᠡᠭᠴᠢ ᠵᠢᠴᠢ ᠥᠷᠭᠡᠨ ᠣᠯᠠᠨ ᠲᠦᠮᠡᠨ ᠢ ᠵᠣᠬᠢᠶᠠᠨ ᠪᠠᠶᠢᠭᠤᠯᠤᠨ ᠵᠠᠮ ᠤᠨ ᠬᠤᠶᠠᠷ ᠲᠠᠯ᠎ᠠ ᠳᠤ ᠣᠪᠣᠭᠠᠯᠠᠵᠤ ᠪᠠᠶᠢᠭ᠎ᠠ ᠬᠤᠭ ᠨᠣᠪᠰᠢ ᠶᠢ ᠲᠥᠪᠯᠡᠷᠡᠭᠦᠯᠦᠨ ᠲᠡᠭᠡᠭᠡᠪᠦᠷᠢᠯᠡᠵᠦ᠂ ᠭᠤᠣᠯ ᠤᠨ ᠵᠠᠮ ᠳᠠᠬᠢ ᠬᠥᠪᠦᠮᠡᠯ ᠡᠳ᠋ ᠵᠡᠷᠭᠡ ᠶᠢ ᠱᠦᠭᠦᠵᠦ ᠴᠡᠪᠡᠷᠯᠡᠬᠦ ᠶᠢᠨ ᠬᠠᠮᠲᠤ ᠲᠣᠰᠬᠤᠨ ᠤ ᠠᠷᠠᠳ ᠢ ᠰᠢᠮᠳᠠᠭᠤᠯᠵᠤ ᠪᠠᠶᠢᠭᠠᠳ ᠥᠪᠡᠷ ᠤᠨ ᠭᠡᠷ ᠤᠨ ᠢᠶᠠᠨ ᠡᠮᠦᠨ᠎ᠡ ᠬᠤᠶᠢᠨᠠᠬᠢ ᠡᠷᠡᠭᠦᠯ ᠬᠠᠮᠠᠭᠠᠯᠠᠯ ᠤᠨ ᠦᠯᠦ ᠣᠨᠣᠭᠳᠠᠬᠤ ᠭᠠᠵᠠᠷ ᠢ ᠴᠡᠪᠡᠷᠯᠡᠭᠦᠯᠵᠦ᠂ ᠬᠤᠭ ᠨᠣᠪᠰᠢ ᠣᠪᠣᠭᠠᠯᠠᠬᠤ ᠦᠭᠡᠶ᠂ ᠡᠯᠳᠡᠪ ᠡᠳ᠋ ᠢ ᠳᠤᠷ᠎ᠠ ᠪᠠᠷ ᠢᠶᠠᠨ ᠲᠠᠯᠪᠢᠬᠤ ᠦᠭᠡᠢ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠨᠡᠩ ᠠᠷᠢᠭᠤᠨ ᠴᠡᠪᠡᠷ ᠡᠮᠬᠢ ᠵᠢᠷᠤᠮ ᠲᠠᠢ ᠪᠤᠯᠭᠠᠪᠠ᠃    ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠨ᠎ᠠ᠃ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠪᠤᠯᠤᠩ᠂ ᠸᠢᠴᠠᠲ ᠤᠨ ᠴᠤᠭᠯᠠᠷᠠᠯ ᠵᠡᠷᠭᠡ ᠣᠯᠠᠨ ᠵᠦᠶᠯ ᠤᠨ ᠠᠷᠭ᠎ᠠ ᠵᠠᠮ ᠢᠶᠠᠷ ᠳᠠᠮᠵᠢᠭᠤᠯᠤᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠢ ᠬᠠᠶᠢᠷᠠᠯᠠᠬᠤ᠂ ᠠᠷᠢᠭᠤᠨ ᠴᠡᠪᠡᠷ ᠢ ᠡᠷᠬᠢᠮᠯᠡᠬᠦ ᠪᠣᠯᠪᠠᠰᠤᠨ ᠦᠵᠡᠯ ᠤᠬᠠᠮᠰᠠᠷ ᠲᠠᠢ ᠪᠣᠯᠭᠠᠵᠤ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠨ᠎ᠠ᠃ ᠲᠡᠷᠡᠴᠢᠯᠡᠨ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ︽ᠬᠥᠮᠦᠨ ᠪᠦᠬᠦᠨ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
   ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ ᠵᠢᠦ ᠯᠦᠩ ᠰᠢᠶᠠᠩ ᠣᠳᠣᠬᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢ ᠴᠢᠬᠤᠯᠠᠴᠢᠯᠠᠭᠰᠠᠨ ᠢᠶᠠᠷ ᠪᠠᠷᠠᠬᠤ ᠥᠬᠡᠶ᠂ ᠨᠠᠩ ᠴᠤ ᠠᠯᠤᠰ ᠬᠡᠲᠦ ᠶᠢ ᠪᠣᠳᠣᠯᠬᠢᠯᠠᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ  ᠶᠢ ᠪᠠᠶᠢᠭᠤᠯᠤᠨ ᠪᠦᠷᠢᠨᠰᠢᠭᠦᠯᠪᠡ᠃ ᠨᠢᠭᠡ ᠲᠠᠯ᠎ᠠ ᠪᠠᠷ᠂ ᠠᠷᠢᠭᠤᠨ ᠴᠡᠪᠡᠷ ᠢ ᠬᠠᠮᠠᠭᠠᠯᠠᠬᠤ ᠡᠩᠨᠡᠭᠡᠨ ᠤ ᠬᠠᠮᠢᠶᠠᠷᠤᠯᠲᠠ ᠪᠣᠯᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠷᠢᠭᠤᠨ ᠴᠡᠪᠡᠷ ᠢ ᠬᠠᠮᠠᠭᠠᠯᠠᠬᠤ ᠪᠠᠷᠢᠮᠵᠢᠶ᠎ᠠ ᠪᠣᠯᠤᠨ ᠠᠵᠢᠯᠯᠠᠬᠤ ᠵᠢᠷᠤᠮᠵᠢᠯ ᠢ ᠲᠤᠳᠤᠷᠬᠠᠶᠢᠯᠠᠪᠠ︔ ᠨᠥᠭᠦᠭᠡ ᠲᠠᠯ᠎ᠠ ᠪᠠᠷ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠡᠷᠬᠢᠨ ᠬᠠᠷᠠᠬᠤ︾ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠨ ᠬᠤᠷᠢᠭᠯᠠᠵᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠨᠡᠨ ᠬᠦ ᠪᠠᠶᠢᠩᠭᠤᠵᠢᠭᠤᠯᠬᠤ ᠪᠠ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠪᠡᠶᠡᠯᠡᠭᠦᠯᠦᠨ᠎ᠡ᠃    ᠰᠢᠨ᠎ᠡ ᠨᠢᠭᠡ ᠵᠢᠯ ᠳᠤ᠂ ᠵᠢᠦ ᠯᠦᠩ ᠰᠢᠶᠠᠩ ᠶᠠᠭ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠰᠢᠨ᠎ᠡ ᠳᠦᠷᠰᠦ ᠪᠠᠶᠢᠳᠠᠯ ᠲᠠᠢ ᠪᠣᠯᠭᠠᠬᠤ ᠪᠠᠷ ᠴᠢᠷᠮᠠᠶᠢᠵᠤ᠂ ᠥᠷᠭᠡᠨ ᠤᠯᠠᠨ ᠲᠦᠮᠡᠨ ᠤ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号