ᠱᠦᠶ ᠴᠢᠤᠸᠠᠨ ᠪᠠᠯᠭᠠᠰᠤ ᠶᠢᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠵᠢᠵᠢᠭ ᠵᠢᠭᠰᠠᠭᠠᠯ ᠤᠨ ᠭᠠᠵᠠᠷ︾ ᠣᠯᠠᠨ ᠲᠦᠮᠡᠨ ᠤ ᠵᠣᠷᠢᠭ ᠰᠠᠨᠠᠭᠠᠨ ᠤ ︽ᠠᠮᠤ ᠪᠤᠳᠠᠭᠠᠨ ᠤ ᠲᠣᠮᠣ ᠬᠥᠮᠥᠷᠭᠡ︾ ᠪᠤᠯᠤᠨ᠎ᠠ
ᠨᠡᠶᠢᠲᠡᠯᠡᠭᠰᠡᠨ ᠴᠠᠭ᠄
2025/1/3
   ᠡᠪᠦᠯ ᠤᠨ ᠨᠡᠷᠡᠨ ᠤ ᠳᠣᠤᠷ᠎ᠠ᠂ ᠱᠦᠶ ᠴᠢᠤᠸᠠᠨ ᠪᠠᠯᠭᠠᠰᠤᠨ ᠤ ᠯᠦᠩ ᠱᠧᠩ ᠲᠣᠰᠬᠤᠨ ᠤ ᠲᠠᠯ᠎ᠠ ᠨᠤᠲᠤᠭ  ᠤᠨ ᠨᠣᠮ ᠤᠨ ᠥᠷᠥᠭᠡ ᠳᠤ ᠣᠷᠣᠬᠤ ᠳᠤ ᠪᠢᠴᠢᠭ ᠤᠨ ᠦᠨᠦᠷ ᠬᠠᠩᠬᠤᠯᠤᠨ᠎ᠠ᠃ ᠨᠣᠮ ᠤᠨ ᠥᠷᠥᠭᠡ ᠶᠢᠨ ᠣᠷᠴᠢᠨ ᠲᠣᠭᠤᠷᠢᠨ ᠨᠢ ᠭᠤᠶᠣ ᠰᠠᠶᠢᠬᠠᠨ᠂ ᠴᠡᠪᠡᠷ ᠴᠡᠮᠴᠡᠭᠡᠷ᠂ ᠡᠯ᠎ᠡ ᠲᠥᠷᠥᠯ ᠤᠨ ᠨᠣᠮ ᠪᠢᠴᠢᠭ ᠨᠢ ᠨᠣᠮ ᠤᠨ ᠲᠠᠯᠪᠢᠭᠤᠷ ᠳᠡᠭᠡᠷ᠎ᠡ ᠲᠡᠷᠢ ᠲᠡᠭᠰᠢ ᠵᠢᠭᠰᠠᠵᠤ ᠪᠠᠶᠢᠳᠠᠭ᠃ ᠲᠣᠰᠬᠤᠨ ᠤ ᠠᠷᠠᠳ ᠨᠣᠮ ᠤᠨ ᠰᠢᠷᠡᠭᠡᠨ ᠤ ᠬᠠᠵᠠᠭᠤ  ᠳᠤ ᠰᠠᠭᠤᠨ ᠰᠡᠳᠬᠢᠯ ᠲᠠᠯᠪᠢᠨ ᠤᠩᠰᠢᠵᠤ᠂ ᠪᠠᠶᠢᠨ ᠪᠠᠶᠢᠨ ᠠᠭᠤᠯᠭ᠎ᠠ ᠪᠠᠨ ᠰᠣᠯᠢᠯᠴᠠᠨ ᠤᠩᠰᠢᠭᠰᠠᠨ ᠤ ᠳᠠᠷᠠᠭᠠᠬᠢ ᠲᠦᠷᠦᠭᠳᠡᠯ ᠢᠶᠠᠨ ᠰᠣᠯᠢᠯᠴᠠᠨ᠎ᠠ᠃    ︽ᠣᠷᠴᠢᠮ ᠡᠷᠳᠡᠨᠢ ᠰᠢᠰᠢ ᠪᠠᠨ ᠬᠤᠳᠠᠯᠳᠤᠵᠤ ᠲᠠᠭᠤᠰᠴᠤ ᠨᠤᠮ ᠦᠵᠡᠬᠦ ᠴᠠᠭ ᠲᠠᠢ ᠪᠣᠯᠵᠠᠢ᠃ ᠮᠢᠨᠦ ᠣᠲᠣ  ᠶᠢᠨ ᠦᠵᠡᠵᠦ ᠪᠠᠶᠢᠭ᠎ᠠ ᠡᠷᠳᠡᠨᠢ ᠰᠢᠰᠢ ᠶᠢᠨ ᠲᠠᠷᠢᠮᠠᠯ ᠤᠨ ᠬᠠᠮᠢᠶᠠᠷᠤᠯᠲᠠ ᠶᠢᠨ ᠲᠤᠬᠠᠶ ᠨᠣᠮ ᠢ ᠪᠣᠯ ᠬᠠᠮᠢᠶᠠᠷᠤᠭᠴᠢ ᠮᠢᠨᠦ ᠰᠠᠨᠠᠭᠤᠯᠭ᠎ᠠ ᠪᠠᠷ ᠵᠠᠬᠢᠶᠠᠯᠠᠭᠰᠠᠨ᠃︾ ᠭᠡᠵᠦ ᠲᠠᠷᠢᠮᠠᠯ ᠤᠨ ᠲᠣᠮᠣ ᠡᠷᠦᠬᠡ ᠵᠧᠦ ᠮᠠᠨ ᠬᠡᠯᠡᠪᠡ᠃ ︽ᠤᠳᠤ ᠪᠣᠯ ᠲᠠᠷᠢᠶᠠᠯᠠᠩ ᠤᠨ ᠰᠡᠯᠡᠭᠦᠦ ᠴᠠᠭ ᠪᠣᠯᠤᠨ᠎ᠠ᠂ ᠤᠯᠠᠨ ᠢᠶᠠᠷ ᠢᠶᠠᠨ ᠰᠤᠯᠠ ᠰᠡᠯᠡᠭᠦᠦ ᠴᠠᠭ ᠲᠤ ᠪᠠᠨ ᠪᠦᠷ ᠠᠳᠡ ᠢᠷᠡᠵᠦ ᠲᠣᠭᠤᠷᠢᠨ ᠦᠵᠡᠵᠦ᠂ ᠨᠣᠮ ᠤᠩᠰᠢᠵᠤ᠂ ᠰᠣᠨᠢᠨ ᠤᠩᠰᠢᠬᠤ ᠳᠤᠷᠠᠲᠠᠢ᠃ ᠡᠳᠦᠷ ᠪᠦᠷᠢ ᠦᠳᠡ ᠡᠮᠦᠨ᠎ᠡ 8 ᠴᠠᠭ ᠲᠤ ᠪᠢ ᠡᠭᠦᠳᠡ ᠨᠡᠭᠡᠭᠡᠬᠦ ᠪᠠᠷ ᠢᠷᠡᠨ᠎ᠡ᠂ ᠥᠩᠭᠡᠷᠡᠭᠡᠭᠰᠡᠨ ᠳᠤ ᠶᠠᠭᠠᠷᠠᠤ ᠦᠭᠡᠢ ᠦᠶ᠎ᠡ ᠳᠤ᠂ ᠣᠯᠠᠨ ᠢᠶᠠᠷ  ᠢᠶᠠᠨ ᠪᠦᠷ ᠪᠦᠯᠦᠭ ᠪᠦᠯᠦᠭ ᠢᠶᠠᠷ ᠵᠣᠭᠤᠭᠳᠠᠵᠤ᠂ ᠫᠠᠢ ᠨᠠᠭᠠᠳᠤᠨ᠎ᠠ᠂ ᠤᠳᠤ ᠲᠠᠯ᠎ᠠ ᠨᠤᠲᠤᠭ ᠤᠨ ᠨᠣᠮ ᠤᠨ ᠥᠷᠥᠭᠡ ᠲᠡᠳᠡᠨ ᠤ ︿ᠺᠠᠷᠲ ᠴᠣᠬᠢᠬᠤ﹀ ᠭᠠᠵᠠᠷ ᠪᠣᠯᠵᠠᠢ᠃︾ ᠭᠡᠵᠦ ᠰᠢᠶᠤᠤ ᠫᠤᠤ ᠽᠢ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡᠨ ᠤ ᠬᠠᠮᠢᠶᠠᠷᠤᠭᠴᠢ ᠬᠥ᠋ ᠯᠢ ᠴᠧᠨ ᠬᠡᠯᠡᠪᠡ᠃    ᠤᠢᠢᠷ᠎ᠠ ᠶᠢᠨ ᠵᠢᠯ ᠠᠴᠠ᠂ ᠱᠦᠢ ᠴᠢᠤᠸᠠᠨ ᠪᠠᠯᠭᠠᠰᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠲᠠᠯ᠎ᠠ ᠨᠤᠲᠤᠭ ᠤᠨ ᠨᠣᠮ ᠤᠨ ᠦᠷᠦᠭᠡ ᠪᠣᠯᠤᠨ ᠰᠢᠨ᠎ᠡ ᠴᠠᠭ ᠦᠶ᠎ᠡ  ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠵᠡᠷᠭᠡ ᠵᠢᠭᠰᠠᠭᠠᠯ ᠤᠨ ᠭᠠᠵᠠᠷ ᠤᠨ ᠲᠠᠪᠴᠠᠩ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠢᠳᠡᠪᠬᠢᠲᠡᠢ ᠠᠬᠢᠭᠤᠯᠵᠤ᠂ ᠡᠬᠢ ᠪᠠᠶᠠᠯᠢᠭ ᠢ ᠭᠦᠢᠴᠡᠳ ᠨᠢᠭᠡᠳᠭᠡᠵᠦ᠂ ᠲᠠᠯ᠎ᠠ ᠨᠤᠲᠤᠭ ᠤᠨ ᠨᠣᠮ ᠤᠨ ᠦᠷᠦᠭᠡ ᠶᠢ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠵᠤ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠢᠭᠰᠠᠭᠠᠯ ᠤᠨ ᠭᠠᠵᠠᠷ ᠤᠨ ᠳᠠᠪᠠᠭᠤᠯᠢᠭ ᠢ ᠠᠰᠢᠭᠯᠠᠨ ᠤᠯᠠᠨ ᠲᠦᠮᠡᠨ ᠤ ᠨᠣᠮ ᠤᠩᠰᠢᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ᠨᠣᠮ ᠤᠨ ᠪᠤᠯᠤᠩ︾᠂ ︽ᠤᠩᠰᠢᠯᠭ᠎ᠠ ᠶᠢᠨ ᠲᠠᠰᠤᠭ︾ ᠢ ᠪᠠᠶᠢᠭᠤᠯᠵᠤ᠂ ᠲᠠᠷᠢᠶᠠᠴᠢᠨ ᠲᠦᠮᠡᠨ ᠳᠤ ᠨᠠᠮ ᠰᠡᠯᠡᠭᠦᠨ ᠤᠩᠰᠢᠯᠭ᠎ᠠ ᠶᠢᠨ ᠣᠷᠣᠨ ᠵᠠᠢ ᠬᠠᠩᠭᠠᠵᠤ ᠥᠭᠪᠡ᠃ ᠡᠭᠦᠨ ᠤ ᠬᠠᠮᠲᠤ᠂ ᠲᠠᠷᠢᠶᠠᠯᠠᠩ ᠤᠨ ᠮᠡᠳᠡᠯᠭᠡ ᠶᠢ ᠲᠦᠭᠡᠮᠡᠯᠵᠢᠭᠦᠯᠬᠦ᠂ ᠶᠣᠰᠣ ᠰᠤᠷᠲᠠᠬᠤᠨ ᠬᠠᠤᠯᠢ ᠴᠠᠭᠠᠵᠠ ᠶᠢᠨ ᠲᠠᠶᠢᠯᠤᠮᠵᠢ᠂ ᠤᠨᠤᠯ ᠤᠨ ᠤᠬᠠᠭᠤᠯᠭ᠎ᠠ᠂ ᠭᠤᠣᠯ ᠰᠡᠳᠦᠪᠲᠦ ᠤᠩᠰᠢᠯᠭ᠎ᠠ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠣᠶᠣᠯ ᠤᠨ ᠦᠢᠯᠡᠴᠢᠯᠡᠭᠡ ᠶᠢ ᠲᠠᠰᠤᠷᠠᠯᠳᠠ ᠦᠭᠡᠢ ᠰᠢᠨᠡᠴᠢᠯᠡᠪᠡ᠃ ᠪᠥᠬᠦ ᠠᠷᠠᠳ ᠢᠶᠠᠷ ᠢᠶᠠᠨ ᠨᠣᠮ ᠤᠩᠰᠢᠬᠤ᠂ ᠨᠣᠮ ᠤᠩᠰᠢᠬᠤ ᠰᠠᠷ᠎ᠠ᠂ ᠨᠣᠮ ᠤᠩᠰᠢᠬᠤ ᠭᠠᠷᠠᠭ᠂ ᠰᠠᠶᠢᠨ ᠨᠣᠮ ᠲᠠᠨᠢᠯᠴᠠᠭᠤᠯᠬᠤ᠂ ᠨᠣᠮ ᠪᠢᠴᠢᠭ ᠬᠠᠨᠳᠢᠪᠯᠠᠬᠤ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢ ᠠᠰᠢᠭᠯᠠᠬᠤ ᠶᠢᠨ ᠲᠣᠭᠤᠷᠢᠨ ᠳᠤ᠂ ᠨᠣᠮ ᠤᠩᠰᠢᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠢᠯᠢᠳᠡᠭ ᠤᠩᠰᠢᠯᠭ᠎ᠠ ᠶᠢᠨ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠬᠥᠳᠡᠭᠡ ᠲᠣᠰᠬᠤᠨ ᠤ ᠨᠣᠮ  ᠤᠨ ᠦᠨᠦᠷ ᠠᠮᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃    ᠣᠳᠣᠬᠠᠨ ᠪᠣᠯᠲᠠᠯ᠎ᠠ᠂ ᠱᠦᠶ ᠴᠢᠤᠸᠠᠨ ᠪᠠᠯᠭᠠᠰᠤ ᠨᠢᠭᠡᠨᠲᠡ ᠪᠠᠷᠢᠮᠵᠢᠶᠠᠵᠢᠭᠰᠠᠨ᠂ ᠵᠢᠷᠤᠮᠵᠢᠭᠰᠠᠨ ᠲᠠᠯ᠎ᠠ ᠨᠤᠲᠤᠭ ᠤᠨ ᠨᠣᠮ ᠤᠨ ᠥᠷᠥᠭᠡ 13᠂ ᠭᠤᠤᠯ ᠨᠣᠮ ᠤᠨ ᠥᠷᠥᠭᠡ 1 ᠪᠠᠶᠢᠭᠤᠯᠵᠤ᠂ ᠡᠯ᠎ᠡ ᠲᠥᠷᠥᠯ ᠤᠨ ᠨᠣᠮ ᠪᠢᠴᠢᠭ ᠢ 1.5 ᠲᠦᠮᠡ ᠭᠠᠷᠤᠶ ᠳᠡᠪᠲᠡᠷ ᠲᠣᠬᠢᠷᠠᠭᠤᠯᠪᠠ᠃ ᠲᠠᠯ᠎ᠠ ᠨᠤᠲᠤᠭ ᠤᠨ ᠨᠣᠮ ᠤᠨ ᠥᠷᠥᠭᠡ ᠨᠢ ︽ᠰᠣᠶᠣᠯ ᠤᠨ ᠠᠮᠤ ᠶᠢᠨ ᠬᠥᠮᠥᠷᠭᠡ︾ ᠰᠢᠭ ᠪᠠᠶᠢᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠪᠠᠶᠢᠬᠤ ᠪᠠᠷ ᠪᠠᠷᠠᠬᠤ ᠥᠬᠡᠶ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︽ᠲᠣᠰᠣ ᠨᠡᠮᠡᠬᠦ ᠥᠷᠲᠡᠭᠡ︾ ᠪᠣᠯᠤᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号