ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠠᠶᠠᠷ ᠪᠠᠶᠠᠰᠬᠤᠯᠠᠩᠲᠤ ᠡᠶ᠎ᠡ | ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠦᠴᠢᠦᠸᠠᠨ ᠰᠢᠶᠠᠨ | ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ 2025 ᠣᠨ ᠤ ︽ᠰᠢᠨ᠎ᠡ ᠵᠢᠯ ᠢ ᠪᠡᠯᠭᠡᠯᠡᠵᠦ᠂ | ᠴᠠᠭᠠᠨ ᠰᠠᠷ᠎ᠠ ᠶᠢ ᠤᠭᠲᠤᠬᠤ︾ ᠨᠠᠰᠤᠲᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠢ | ᠡᠷᠭᠢᠯᠡᠵᠦ᠂ ᠤᠷᠠᠨ ᠪᠢᠴᠢᠯᠭᠡ ᠤᠷᠠᠨ ᠵᠢᠷᠤᠭ ᠢᠶᠠᠷ ᠵᠠᠭᠤᠴᠢ ᠪᠣᠯᠭᠠᠨ᠂ ᠰᠢᠨ᠎ᠡ ᠵᠢᠯ ᠢᠶᠠᠨ ᠪᠠᠶᠠᠷᠯᠠᠨ ᠤᠭᠲᠤᠪᠠ᠃ | ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡ ᠤᠷᠠᠨ ᠵᠢᠷᠤᠭ ᠤᠨ ᠪᠠᠭ᠋ᠠᠳᠠᠳ ᠰᠣᠨᠢᠷᠬᠠᠨ | ᠰᠣᠨᠢᠷᠬᠠᠵᠤ᠂ ᠦᠵᠡᠯ ᠪᠤᠳᠤᠯ ᠢᠶᠠᠨ ᠰᠣᠯᠢᠯᠴᠠᠨ᠂ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠤᠨ ᠲᠤᠬᠠᠢ | ᠣᠯᠤᠯᠲᠠ ᠲᠦᠷᠦᠭᠳᠡᠯ ᠢᠶᠠᠨ ᠶᠠᠷᠢᠯᠴᠠᠵᠤ᠂ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠤᠨ ᠡᠭᠦᠳᠦᠨ | ᠪᠦᠲᠦᠭᠡᠭᠰᠡᠨ ᠭᠦᠨ ᠵᠤᠵᠠᠭᠠᠨ ᠠᠭᠤᠷ ᠠᠮᠢᠰᠬᠤᠯ ᠳᠤ ᠰᠣᠭᠲᠣᠭᠤᠷᠠᠨ᠎ᠠ᠃ | | ︽ᠪᠢ ᠥᠨᠥᠳᠦᠷ ᠨᠠᠶᠢᠵᠠ ᠠᠴᠠ ᠠᠳᠡ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠪᠠᠶᠢᠬᠤ ᠶᠢ | ᠰᠤᠨᠤᠰᠤᠭᠠᠳ᠂ ᠲᠤᠰᠬᠠᠢᠯᠠᠨ ᠢᠷᠡᠵᠦ ᠦᠵᠡᠵᠦ ᠪᠠᠶᠢᠨ᠎ᠠ᠂ ᠪᠢᠴᠢᠭᠰᠡᠨ ᠨᠢ ᠮᠠᠰᠢ ᠰᠠᠶᠢᠨ᠂ ᠵᠢᠷᠤᠭᠰᠠᠨ ᠨᠢ ᠴᠦ | ᠮᠠᠰᠢ ᠰᠠᠶᠢᠨ᠂ ᠪᠢ ᠭᠦᠨ ᠲᠥᠷᠥᠭᠳᠡᠯ ᠲᠠᠢ᠂ ᠬᠤᠵᠢᠮ ᠵᠠᠪᠰᠢᠶᠠᠨ ᠲᠠᠢ ᠪᠣᠯ ᠪᠢ ᠪᠠᠰᠠ ᠲᠡᠳᠡᠨ ᠠᠴᠠ | ᠰᠤᠷᠤᠯᠴᠠᠨ᠎ᠠ᠃︾ ᠭᠡᠵᠦ ᠰᠠᠭᠤᠭᠠᠯᠢ ᠠᠷᠠᠳ ᠵᠠᠩ ᠶᠦᠩ ᠹᠧᠨ ᠪᠠᠶᠠᠷᠲᠠᠶ ᠬᠡᠯᠡᠨ᠎ᠡ᠃ | | ᠲᠤᠰ ᠤᠳᠠᠭᠠᠨ ᠤ ᠦᠵᠡᠭᠦᠯᠦᠯᠭᠡ ᠳᠤ ᠨᠡᠶᠢᠲᠡ 42 ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ | ᠳᠡᠯᠭᠡᠨ ᠦᠵᠡᠭᠦᠯᠵᠦ᠂ ᠤᠷᠠᠨ ᠪᠢᠴᠢᠯᠭᠡ ᠭᠤᠷ ᠦᠰᠦᠭ᠂ ᠬᠠᠷᠢᠶ᠎ᠠ᠂ ᠠᠶᠠᠯᠠᠯ᠂ ᠡᠪᠡᠰᠦᠨ ᠬᠡᠪ ᠨᠠᠮᠪᠠ ᠣᠯᠠᠨ | ᠶᠠᠩᠵᠤ ᠶᠢᠨ ᠪᠠᠶᠢᠵᠤ᠂ ᠬᠢᠲᠠᠳ ᠵᠢᠷᠤᠭ ᠡᠪᠡᠰᠦ ᠴᠡᠴᠡᠭ᠂ ᠠᠭᠤᠯᠠ ᠤᠰᠤ᠂ ᠬᠥᠮᠦᠨ ᠤ ᠳᠦᠷᠢ ᠠᠮᠢᠳᠤ | ᠳᠦᠷᠰᠦᠯᠢᠭ ᠪᠠᠶᠢᠵᠤ᠂ ᠮᠠᠨ ᠤ ᠰᠢᠶᠠᠨ ᠤ ᠨᠠᠰᠤᠲᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠵᠣᠬᠢᠶᠠᠨ | ᠪᠦᠲᠦᠭᠡᠯᠭᠡ ᠶᠢᠨ ᠴᠢᠬᠤᠯᠠ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠦᠳᠡᠯᠦᠭᠡᠳ ᠰᠤᠷᠬᠤ | ᠶᠠᠭᠤᠮ᠎ᠠ ᠲᠠᠢ᠂ ᠦᠳᠡᠯᠦᠭᠡᠳ ᠬᠢᠬᠦ ᠶᠠᠭᠤᠮ᠎ᠠ ᠲᠠᠢ᠂ ᠦᠳᠡᠯᠦᠭᠡᠳ ᠪᠠᠶᠠᠷ ᠪᠠᠶᠠᠰᠬᠤᠯᠠᠩ ᠲᠠᠢ ᠪᠠᠶᠢᠬᠤ ᠡᠷᠡᠭᠦᠯ | ᠰᠠᠶᠢᠬᠠᠨ ᠳᠤᠷ᠎ᠠ ᠰᠣᠨᠢᠷᠬᠠᠯ ᠢ ᠤᠯᠠᠮ ᠨᠢᠭᠡ ᠠᠯᠬᠤᠮ ᠢᠯᠡᠷᠡᠭᠦᠯᠦᠭᠰᠡᠨ ᠪᠠᠶᠢᠨ᠎ᠠ᠃ | | ︽ᠡᠨᠡ ᠤᠳᠠᠭ᠎ᠠ ᠶᠢᠨ ᠦᠵᠡᠭᠦᠯᠦᠯᠭᠡ ᠪᠠᠷ ᠳᠠᠮᠵᠢᠨ᠂ ᠡᠳᠡᠭᠡᠷ ᠨᠠᠰᠤᠲᠠᠶᠢᠴᠤᠳ ᠤᠨ ᠤᠷᠠᠨ ᠪᠢᠴᠢᠯᠭᠡ ᠤᠷᠠᠨ | ᠵᠢᠷᠤᠭ ᠤᠨ ᠰᠤᠷᠤᠯᠴᠠᠯᠭ᠎ᠠ ᠶᠢᠨ ᠬᠠᠯᠠᠭᠤᠨ ᠰᠡᠳᠬᠢᠯᠭᠡ ᠶᠢ ᠬᠥᠭᠵᠢᠭᠡᠪᠡ᠃ ᠡᠳᠡᠭᠡᠷ ᠨᠠᠰᠤᠲᠠᠶᠢᠴᠤᠳ ᠡᠨᠡ ᠬᠦ | ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠦᠳᠡᠯᠦᠭᠡ ᠨᠠᠰᠤᠨ ᠳᠤ ᠪᠠᠶᠠᠷ ᠪᠠᠶᠠᠰᠤᠯ ᠲᠠᠢ ᠪᠠᠶᠢᠬᠤ ᠶᠢ | ᠪᠡᠶᠡᠯᠡᠭᠦᠯᠪᠡ᠂ ᠤᠯᠠᠨ ᠢᠶᠠᠷ ᠢᠶᠠᠨ ᠡᠨᠡ ᠬᠦ ᠲᠠᠪᠴᠠᠩ ᠢᠶᠠᠷ ᠳᠠᠮᠵᠢᠭᠤᠯᠤᠨ ᠥᠪᠡᠷ ᠤᠨ ᠳᠤᠷ᠎ᠠ ᠰᠣᠨᠢᠷᠬᠠᠯ ᠢᠶᠠᠨ | ᠪᠠᠳᠠᠷᠠᠭᠤᠯᠤᠨ ᠳᠡᠯᠭᠡᠷᠡᠭᠦᠯᠵᠦ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠤᠨ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ | ᠯᠢᠶᠠᠩ ᠬᠦᠶ ᠵᠥᠩ ᠲᠠᠨᠢᠯᠴᠠᠭᠤᠯᠪᠠ᠃ |