︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠭᠠᠵᠢᠮ ᠢᠶᠠᠷ ᠠᠬᠢᠭᠤᠯᠬᠤ | ᠮᠠᠶ᠋ᠢᠭ ᠢᠶᠠᠷ ᠬᠤᠶᠢᠰᠢᠯᠠᠭᠤᠯᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠦᠨᠳᠦᠰᠦᠯᠡᠪᠡᠯ᠂ 2025 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ᠂ ᠮᠠᠨ ᠤ ᠤᠯᠤᠰ 15 ᠵᠢᠯ ᠤᠨ ᠬᠤᠭᠤᠴᠠᠭ᠎ᠠ ᠶᠢ ᠬᠡᠷᠡᠭᠯᠡᠨ᠂ ᠡᠷᠡᠭᠲᠡᠶ ᠠᠵᠢᠯᠲᠠᠨ | ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠤᠤᠯ ᠤᠨ ᠪᠦᠬᠦᠯᠢ 60 ᠨᠠᠰᠤ | ᠪᠠᠶᠢᠬᠰᠠᠨ ᠢ ᠪᠦᠬᠦᠯᠢ 63 ᠨᠠᠰᠤ ᠪᠤᠯᠭᠠᠨ ᠠᠯᠬᠤᠮ ᠠᠯᠬᠤᠮ ᠢᠶᠠᠷ ᠤᠷᠲᠤᠳᠬᠠᠵᠤ᠂ ᠡᠮᠡᠭᠲᠡᠶ ᠠᠵᠢᠯᠲᠠᠨ | ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠤᠤᠯ ᠤᠨ ᠪᠦᠬᠦᠯᠢ 50 ᠨᠠᠰᠤ | ᠪᠠ ᠪᠦᠬᠦᠯᠢ 55 ᠨᠠᠰᠤ ᠪᠠᠶᠢᠬᠰᠠᠨ ᠢ ᠲᠣᠰ ᠲᠣᠰ ᠪᠦᠬᠦᠯᠢ 55 ᠨᠠᠰᠤ᠂ ᠪᠦᠬᠦᠯᠢ 58 ᠨᠠᠰᠤ ᠪᠤᠯᠭᠠᠨ | ᠤᠷᠲᠤᠳᠬᠠᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠪ ᠤᠨ ᠵᠣᠬᠢᠶᠠᠨ | ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ 1 ᠰᠠᠷ᠎ᠠ ᠶᠢᠨ 1 ᠤ ᠡᠳᠦᠷ | ︽ᠤᠶᠠᠨ ᠬᠠᠲᠠᠨ ᠴᠢᠨᠠᠷᠲᠠᠶ ᠪᠠᠷ ᠠᠵᠢᠯ ᠠᠴᠠ ᠪᠠᠨ ᠠᠮᠠᠷᠠᠬᠤ ᠲᠦᠷᠢᠮ ᠢ ᠬᠡᠷᠡᠭᠵᠢᠭᠦᠯᠬᠦ ᠲᠦᠷ ᠬᠡᠷᠡᠭᠵᠢᠭᠦᠯᠬᠦ | ᠠᠷᠭ᠎ᠠ︾ ᠶᠢ ᠨᠡᠶᠢᠲᠡᠯᠡᠵᠦ᠂ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯᠲᠠᠨ ᠠᠵᠢᠯᠴᠢᠨ | ᠤᠯᠤᠰ ᠠᠴᠠ ᠲᠣᠭᠲᠠᠭᠠᠭᠰᠠᠨ ᠰᠠᠷ᠎ᠠ ᠪᠠᠷ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠠᠪᠬᠤ ᠰᠦᠢᠳᠬᠡᠯ | ᠲᠤᠰᠢᠶᠠᠬᠤ ᠨᠠᠭᠠᠳᠤ ᠵᠠᠬ᠎ᠠ ᠶᠢᠨ ᠣᠨ ᠤ ᠬᠢᠵᠠᠭᠠᠷ ᠲᠤ ᠬᠦᠷᠦᠭᠰᠡᠨ ᠪᠤᠯ᠂ ᠤᠶᠠᠨ ᠬᠠᠲᠠᠨ ᠴᠢᠨᠠᠷᠲᠠᠶ ᠪᠠᠷ | ᠠᠵᠢᠯ ᠠᠴᠠ ᠪᠠᠨ ᠤᠷᠢᠳᠴᠢᠯᠠᠨ ᠠᠮᠠᠷᠠᠬᠤ ᠶᠢ ᠰᠠᠶᠢᠨ ᠳᠤᠷ᠎ᠠ ᠠᠴᠠ ᠪᠠᠨ ᠰᠣᠩᠭᠤᠵᠤ ᠪᠣᠯᠤᠨ᠎ᠠ᠂ ᠤᠷᠢᠳᠴᠢᠯᠠᠨ | ᠠᠮᠠᠷᠠᠬᠤ ᠴᠠᠭ ᠨᠢ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠠᠴᠠ ᠬᠠᠮᠤᠭ ᠤᠨ | ᠣᠷᠳᠣ ᠳᠠᠭᠠᠨ 3 ᠵᠢᠯ ᠠᠴᠠ ᠬᠡᠲᠦᠷᠡᠵᠦ ᠪᠣᠯᠬᠤ ᠥᠬᠡᠶ᠂ ᠲᠠᠷᠠᠴᠢᠯᠡᠨ ᠠᠵᠢᠯ ᠠᠴᠠ ᠪᠠᠨ ᠠᠮᠠᠷᠠᠬᠤ ᠨᠠᠰᠤ ᠨᠢ | ᠡᠮᠡᠭᠲᠡᠶ ᠠᠵᠢᠯᠲᠠᠨ ᠠᠵᠢᠯᠴᠢᠨ ᠪᠦᠬᠦᠯᠢ 50 ᠨᠠᠰᠤ ᠪᠠ ᠪᠦᠬᠦᠯᠢ 55 ᠪᠦᠬᠦᠯᠢ ᠨᠠᠰᠤ ᠵᠢᠴᠢ ᠡᠷᠡᠭᠲᠡᠶ ᠠᠵᠢᠯᠲᠠᠨ | ᠠᠵᠢᠯᠴᠢᠨ ᠪᠦᠬᠦᠯᠢ 60 ᠨᠠᠰᠤ ᠬᠦᠷᠬᠦ ᠤᠤᠯ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ | ᠨᠠᠰᠤ ᠠᠴᠠ ᠲᠤᠳᠠᠭᠤ ᠪᠠᠶᠢᠵᠤ ᠪᠤᠯᠬᠤ ᠦᠭᠡᠢ᠃ | ᠠᠵᠢᠯᠲᠠᠨ ᠠᠵᠢᠯᠴᠢᠨ ᠠᠵᠢᠯ ᠠᠴᠠ ᠪᠠᠨ ᠤᠷᠢᠳᠴᠢᠯᠠᠨ ᠠᠮᠠᠷᠠᠬᠤ ᠤᠶᠠᠨ ᠬᠠᠲᠠᠨ ᠴᠢᠨᠠᠷᠲᠠᠶ ᠰᠣᠩᠭᠤᠯᠲᠠ | ᠬᠢᠬᠦ ᠳᠤ ᠭᠦᠷᠪᠡᠯ᠂ ᠨᠠᠭᠠᠳᠤ ᠵᠠᠬ᠎ᠠ ᠳᠠᠭᠠᠨ ᠲᠣᠰ ᠬᠥᠮᠦᠨ ᠤ ᠰᠣᠩᠭᠤᠭᠰᠠᠨ ᠠᠵᠢᠯ ᠠᠴᠠ ᠪᠠᠨ ᠠᠮᠠᠷᠠᠬᠤ | ᠴᠠᠭ ᠠᠴᠠ 3 ᠰᠠᠷ᠎ᠠ ᠶᠢᠨ ᠡᠮᠦᠨ᠎ᠡ ᠪᠢᠴᠢᠭ ᠤᠨ ᠬᠡᠯᠪᠡᠷᠢ ᠪᠠᠷ ᠪᠠᠶᠢᠭ᠎ᠠ ᠨᠢᠭᠡᠴᠡ ᠳᠡᠭᠡᠨ ᠮᠡᠳᠡᠭᠳᠡᠬᠦ ᠬᠡᠷᠡᠭᠲᠡᠶ᠃ | ᠠᠵᠢᠯᠲᠠᠨ ᠠᠵᠢᠯᠴᠢᠨ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤᠨ ᠳᠤ ᠬᠦᠷᠦᠭᠰᠡᠨ | ᠦᠶ᠎ᠡ ᠳᠤ᠂ ᠪᠠᠶᠢᠭ᠎ᠠ ᠨᠢᠭᠡᠴᠡ ᠨᠢ ᠠᠵᠢᠯᠲᠠᠨ ᠠᠵᠢᠯᠴᠢᠨ ᠯᠤᠭ᠎ᠠ ᠵᠥᠪᠳᠡᠯᠴᠡᠭᠡᠳ ᠰᠠᠨᠠᠯ ᠨᠢᠭᠡᠳᠦᠭᠰᠡᠨ ᠪᠣᠯ | ᠠᠵᠢᠯ ᠠᠴᠠ ᠪᠠᠨ ᠠᠮᠠᠷᠠᠬᠤ ᠶᠢ ᠨᠢ ᠤᠶᠠᠨ ᠬᠠᠲᠠᠨ ᠴᠢᠨᠠᠷᠲᠠᠶ ᠪᠠᠷ ᠬᠤᠶᠢᠰᠢᠯᠠᠭᠤᠯᠵᠤ ᠪᠣᠯᠤᠨ᠎ᠠ᠂ ᠤᠷᠲᠤᠳᠬᠠᠭᠰᠠᠨ | ᠴᠠᠭ ᠨᠢ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠬᠦᠷᠲᠡᠯ᠎ᠡ ᠬᠠᠮᠤᠭ ᠤᠷᠲᠤ ᠳᠠᠭᠠᠨ 3 | ᠵᠢᠯ ᠠᠴᠠ ᠬᠡᠲᠦᠷᠡᠵᠦ ᠪᠣᠯᠬᠤ ᠦᠭᠡᠶ᠂ ᠪᠠᠶᠢᠭ᠎ᠠ ᠨᠢᠭᠡᠴᠡ ᠨᠢ ᠠᠵᠢᠯᠲᠠᠨ ᠠᠵᠢᠯᠴᠢᠨ ᠯᠤᠭ᠎ᠠ 1 ᠰᠠᠷ᠎ᠠ | ᠤᠷᠢᠳᠴᠢᠯᠠᠨ ᠠᠵᠢᠯ ᠠᠴᠠ ᠪᠠᠨ ᠠᠮᠠᠷᠠᠬᠤ ᠴᠠᠭ ᠢ ᠨᠢ ᠬᠤᠶᠢᠰᠢᠯᠠᠭᠤᠯᠬᠤ ᠵᠡᠷᠭᠡ ᠵᠦᠢᠯ ᠤᠳ ᠢ ᠪᠢᠴᠢᠭ ᠤᠨ | ᠬᠡᠯᠪᠡᠷᠢ ᠪᠠᠷ ᠲᠣᠳᠣᠷᠬᠠᠶᠢᠯᠠᠬᠤ ᠬᠡᠷᠡᠭᠳᠡᠢ᠃ |