2025 ᠣᠨ ᠬᠥᠬᠡᠭᠴᠢᠨ ᠮᠣᠭᠠᠶ ᠵᠢᠯ 19 ᠡᠳᠦᠷ ᠳᠤᠲᠠᠭᠤ ᠪᠠᠶᠢᠵᠤ᠂ ᠨᠡᠶᠢᠲᠡ ᠶᠢᠨ ᠣᠨ ᠲᠣᠭᠠᠯᠠᠯ ᠤᠨ | 2025 ᠣᠨ ᠳᠤ 365 ᠡᠳᠦᠷ ᠲᠠᠢ᠂ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠪᠢᠯᠢᠭ ᠤᠨ ᠤᠯᠠᠷᠢᠯ ᠤᠨ | ᠬᠥᠬᠡᠭᠴᠢᠨ ᠮᠣᠭᠠᠶ ᠵᠢᠯ ᠤᠨ ᠪᠥᠬᠦ ᠵᠢᠯ ᠳᠤ 384 ᠡᠳᠦᠷ ᠠᠴᠠ ᠣᠬᠤᠷ ᠶᠤᠮ᠃ 2024 ᠣᠨ ᠤ ᠪᠥᠬᠦ ᠵᠢᠯ | ᠳᠤ 366 ᠡᠳᠦᠷ ᠲᠠᠢ ᠪᠠᠶᠢᠵᠤ᠂ ᠬᠥᠬᠡ ᠯᠣᠣ ᠵᠢᠯ ᠤᠨ 354 ᠡᠳᠦᠷ ᠠᠴᠠ ᠣᠷᠳᠣ ᠶᠤᠮ᠃ | ︽ᠠᠷᠭ᠎ᠠ ᠶᠢᠨ ᠤᠯᠠᠷᠢᠯ᠂ ᠪᠢᠯᠢᠭ ᠤᠨ ᠤᠯᠠᠷᠢᠯ ᠤᠨ ᠵᠢᠯ ᠪᠦᠷᠢ ᠶᠢᠨ ︿ᠴᠠᠭ ᠤᠨ ᠵᠥᠷᠢᠶ᠎ᠡ﹀ ᠨᠢ ᠠᠳᠠᠯᠢ | ᠪᠤᠰᠤ ᠪᠠᠶᠢᠬᠤ ᠨᠢ ᠢᠯᠡᠬᠦᠤ ᠰᠠᠷ᠎ᠠ ᠲᠠᠢ ᠪᠠᠶᠢᠬᠤ ᠲᠦᠷᠢᠮ ᠲᠠᠢ ᠬᠤᠯᠪᠣᠭ᠎ᠠ ᠲᠠᠢ︾ ᠭᠡᠵᠦ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠽᠢ ᠶᠢᠨ ᠱᠠᠨ ᠣᠳᠣᠨ ᠣᠷᠣᠨ ᠤ ᠥᠷᠲᠡᠭᠡ ᠶᠢᠨ ᠰᠢᠨᠵᠢᠯᠡᠬᠦ | ᠤᠬᠠᠭᠠᠨ ᠤ ᠲᠦᠭᠡᠮᠡᠯᠵᠢᠭᠦᠯᠦᠯᠲᠡ ᠶᠢᠨ ᠭᠤᠤᠯ ᠬᠠᠮᠢᠶᠠᠷᠤᠭᠴᠢ ᠸᠠᠩ ᠺᠧ ᠴᠤᠤ ᠲᠠᠶᠢᠯᠪᠤᠷᠢᠯᠠᠨ ᠬᠡᠯᠡᠭᠰᠡᠨ | ᠢᠶᠠᠨ ᠳᠠᠭᠠᠨ᠂ ᠣᠲᠣ ᠶᠢᠨ ᠨᠡᠶᠢᠲᠡ ᠶᠢᠨ ᠣᠨ ᠲᠣᠭᠠᠯᠠᠯ ᠪᠣᠯ ᠨᠢᠭᠡ ᠵᠤᠶᠢᠯ ᠤᠨ ᠠᠷᠭ᠎ᠠ ᠶᠢᠨ ᠤᠯᠠᠷᠢᠯ ᠮᠥᠨ᠂ | ᠨᠠᠷᠠ ᠬᠤᠶᠠᠷ ᠤᠳᠠᠭ᠎ᠠ ᠳᠠᠷᠠᠭᠠᠯᠠᠨ ᠬᠠᠪᠤᠷ ᠤᠨ ᠬᠤᠭᠤᠰ ᠤᠨ ᠴᠡᠭ ᠢ ᠥᠩᠭᠡᠷᠡᠬᠦ ᠴᠠᠭ ᠤᠨ ᠵᠠᠶ ᠨᠢ ᠳᠠᠷᠤᠶ ᠨᠢᠭᠡ | ᠪᠤᠴᠠᠯᠲᠠ ᠶᠢᠨ ᠵᠢᠯ ᠪᠣᠯᠤᠨ᠎ᠠ᠂ ᠳᠤᠮᠳᠠᠴᠢ ᠣᠷᠳᠣ ᠨᠢ ᠪᠠᠷᠤᠭ 365.2422 ᠡᠳᠦᠷ ᠪᠠᠶᠢᠳᠠᠭ᠃ ᠨᠢᠭᠡ | ᠪᠤᠴᠠᠯᠲᠠ ᠶᠢᠨ ᠵᠢᠯ ᠤᠨ ᠳᠤᠮᠳᠠᠴᠢ ᠣᠷᠳᠣ ᠨᠢ ᠪᠦᠬᠦᠯᠢ ᠲᠤᠭ᠎ᠠ ᠪᠢᠰᠢ ᠤᠴᠢᠷ ᠠᠴᠠ ᠨᠡᠶᠢᠲᠡ ᠶᠢᠨ ᠣᠨ | ᠲᠣᠭᠠᠯᠠᠯ ᠤᠨ ᠣᠨ ᠳᠤ ᠡᠩ ᠤᠨ ᠵᠢᠯ ᠪᠠ ᠢᠯᠡᠭᠦᠦ ᠰᠠᠷ᠎ᠠ ᠲᠠᠢ ᠵᠢᠯ ᠭᠡᠵᠦ ᠲᠤᠬᠢᠷᠠᠭᠤᠯᠪᠠ᠂ ᠡᠩ ᠤᠨ ᠵᠢᠯ 365 | ᠡᠳᠦᠷ ᠲᠠᠢ᠂ ᠢᠯᠡᠭᠦᠦ ᠰᠠᠷ᠎ᠠ ᠲᠠᠢ ᠵᠢᠯ 366 ᠡᠳᠦᠷ ᠲᠠᠢ᠃ ᠨᠡᠶᠢᠲᠡ ᠶᠢᠨ ᠣᠨ ᠲᠣᠭᠠᠯᠠᠯ ᠤᠨ ᠵᠢᠯ ᠳᠤ᠂ | 4 ᠳᠤ ᠪᠦᠬᠦᠯᠢ ᠪᠠᠷ ᠬᠤᠪᠢᠶᠠᠭᠳᠠᠬᠤ ᠵᠢᠯ ᠨᠢᠭᠡᠪᠦᠷᠢ ᠨᠢ ᠢᠯᠡᠭᠦᠦ ᠰᠠᠷ᠎ᠠ ᠲᠠᠢ ᠵᠢᠯ ᠪᠣᠯᠤᠨ᠎ᠠ᠂ 2 ᠰᠠᠷ᠎ᠠ ᠶᠢᠨ | 29 ᠤ ᠡᠳᠦᠷ ᠬᠡᠬᠦ ᠨᠢᠭᠡ ᠡᠳᠦᠷ ᠢᠯᠡᠬᠦᠤ ᠭᠠᠷᠤᠨ᠎ᠠ᠂ ᠭᠡᠪᠡᠴᠦ ᠪᠦᠬᠦᠯᠢ ᠵᠠᠭᠤᠨ ᠵᠢᠯ ᠳᠤ ᠡᠷᠬᠡᠪᠰᠢ 400 ᠳᠤ | ᠪᠦᠬᠦᠯᠢ ᠪᠠᠷ ᠬᠤᠪᠢᠶᠠᠭᠳᠠᠪᠠᠯ ᠰᠠᠶ᠋ᠢ ᠢᠯᠡᠭᠦᠦ ᠰᠠᠷ᠎ᠠ ᠲᠠᠢ ᠵᠢᠯ ᠪᠣᠯᠤᠨ᠎ᠠ᠂ ︽ᠳᠥᠷᠪᠡᠨ ᠵᠢᠯ ᠳᠤ ᠨᠢᠭᠡ ᠢᠯᠡᠭᠦᠦ | ᠰᠠᠷ᠎ᠠ ᠲᠠᠢ ᠪᠠᠶᠢᠵᠤ᠂ ᠵᠠᠭᠤᠨ ᠵᠢᠯ ᠳᠤ ᠢᠯᠡᠭᠦᠦ ᠰᠠᠷ᠎ᠠ ᠦᠭᠡᠢ ᠪᠠᠶᠢᠵᠤ᠂ ᠳᠥᠷᠪᠡᠨ ᠵᠢᠯ ᠳᠤ ᠢᠯᠡᠭᠦᠦ ᠰᠠᠷ᠎ᠠ ᠲᠠᠢ | ᠪᠠᠶᠢᠳᠠᠭ︾ ᠳᠦᠷᠢᠮ ᠢ ᠵᠢᠷᠤᠮᠯᠠᠳᠠᠭ ᠪᠠᠶᠢᠨ᠎ᠠ ᠭᠡᠵᠦ ᠬᠡᠯᠡᠪᠡ᠃ | ᠨᠡᠶᠢᠳᠡ ᠶᠢᠨ ᠣᠨ ᠲᠣᠭᠠᠯᠠᠯ ᠤᠨ 2024 ᠣᠨ ᠪᠣᠯ ᠢᠯᠡᠭᠦᠦ ᠰᠠᠷ᠎ᠠ ᠲᠠᠢ ᠵᠢᠯ᠂ ᠪᠦᠬᠦ ᠵᠢᠯ ᠳᠤ 366 | ᠡᠳᠦᠷ ᠲᠠᠢ᠂ ᠪᠢᠯᠢᠭ ᠤᠨ ᠤᠯᠠᠷᠢᠯ ᠤᠨ ᠬᠥᠬᠡ ᠯᠣᠣ ᠵᠢᠯ ᠪᠣᠯ ᠡᠩ ᠤᠨ ᠵᠢᠯ᠂ ᠪᠦᠬᠦ ᠵᠢᠯ ᠳᠤ 354 ᠡᠳᠦᠷ ᠲᠠᠢ᠂ | ᠡᠨᠡ ᠨᠢᠭᠡ ᠵᠢᠯ ᠤᠨ ᠨᠡᠶᠢᠳᠡ ᠶᠢᠨ ᠣᠨ ᠲᠣᠭᠠᠯᠠᠯ ᠤᠨ ᠵᠢᠯ ᠨᠢ ᠪᠢᠯᠢᠭ ᠤᠨ ᠤᠯᠠᠷᠢᠯ ᠤᠨ ᠵᠢᠯ ᠤᠨ ᠬᠢ ᠠᠴᠠ 12 | ᠡᠳᠦᠷ ᠢᠯᠡᠬᠦᠤ ᠪᠤᠯᠤᠨ᠎ᠠ᠃ ᠨᠡᠶᠢᠲᠡ ᠶᠢᠨ ᠣᠨ ᠲᠣᠭᠠᠯᠠᠯ ᠤᠨ 2025 ᠣᠨ ᠪᠣᠯ ᠡᠩ ᠤᠨ ᠵᠢᠯ᠂ ᠪᠥᠬᠦ ᠵᠢᠯ ᠳᠤ | 365 ᠡᠳᠦᠷ ᠲᠠᠢ᠂ ᠪᠢᠯᠢᠭ ᠤᠨ ᠤᠯᠠᠷᠢᠯ ᠤᠨ ᠬᠥᠬᠡᠭᠴᠢᠨ ᠮᠣᠭᠠᠶ ᠵᠢᠯ ᠪᠣᠯ ᠢᠯᠡᠭᠦᠦ ᠰᠠᠷ᠎ᠠ ᠲᠠᠢ ᠵᠢᠯ ᠪᠤᠯᠬᠤ | ᠪᠦᠭᠡᠳ ᠵᠢᠷᠭᠤᠳᠤᠭᠠᠷ ᠰᠠᠷ᠎ᠠ ᠪᠤᠯ ᠢᠯᠡᠭᠦᠤ ᠰᠠᠷ᠎ᠠ ᠪᠤᠯᠤᠨ᠎ᠠ᠂ ᠪᠥᠬᠦ ᠵᠢᠯ ᠳᠤ 384 ᠡᠳᠦᠷ ᠲᠠᠢ᠂ ᠭᠡᠳᠡᠷᠭᠦ ᠪᠠᠨ | ᠨᠡᠶᠢᠲᠡ ᠶᠢᠨ ᠣᠨ ᠲᠣᠭᠠᠯᠠᠯ ᠤᠨ ᠵᠢᠯ ᠠᠴᠠ ᠢᠯᠡᠬᠦᠤ 19 ᠡᠳᠦᠷ ᠲᠠᠢ ᠶᠤᠮ᠃ |