ᠨᠡᠭᠦᠷᠡᠰᠦᠲᠥ᠋ᠷᠥᠭᠴᠢ ᠶᠢᠨ ᠠᠮᠮᠤᠨᠢ ᠶᠢ ᠲᠣᠬᠢᠷᠠᠮᠵᠢᠲᠠᠢ ᠤᠷᠤᠭᠤᠯᠤᠨ᠎ᠠ᠃ ᠡᠪᠦᠯ ᠤᠨ ᠤᠯᠠᠷᠢᠯ ᠳᠤ ᠠᠭᠠᠷ ᠤᠨ | ᠳᠤᠯᠠᠭᠠᠨ ᠳᠣᠣᠷ᠎ᠠ᠂ ᠨᠡᠭᠦᠷᠡᠰᠦᠲᠥ᠋ᠷᠥᠭᠴᠢ ᠶᠢᠨ ᠠᠮᠮᠤᠨᠢ ᠠᠮᠠᠷᠬᠠᠨ ᠳᠡᠭᠳᠡᠨ ᠵᠠᠳᠠᠷᠠᠳᠠᠭ ᠦᠭᠡᠢ ᠲᠤᠯᠠ | ᠪᠣᠷᠳᠣᠭᠤᠷ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠳᠤ ᠠᠰᠢᠭᠲᠠᠢ ︔ ᠨᠡᠭᠦᠷᠡᠰᠦᠬᠦ᠋ᠴᠢᠯ ᠤᠨ | ᠤᠰᠤᠲᠥ᠋ᠷᠥᠭᠴᠢᠲᠤ ᠠᠮᠮᠤᠨᠢ ᠪᠣᠯ ᠠᠮᠮᠤᠨᠢ ᠶᠢᠨ ᠲᠥᠯᠥᠪᠲᠦ ᠠᠽᠣᠲ ᠪᠣᠷᠳᠣᠭᠤᠷ ᠲᠤ ᠪᠠᠭᠲᠠᠨ᠎ᠠ᠂ ᠬᠥᠷᠥᠰᠥᠨ ᠳᠤ | ᠣᠷᠣᠭᠤᠯᠤᠭᠰᠠᠨ ᠤ ᠳᠠᠷᠠᠭ᠎ᠠ ᠲᠠᠷᠢᠮᠠᠯ ᠳᠤ ᠰᠢᠭᠤᠳ ᠰᠢᠩᠭᠡᠭᠡᠭᠳᠡᠨ ᠠᠰᠢᠭᠯᠠᠭᠳᠠᠳᠠᠭ᠂ ᠪᠣᠷᠳᠣᠭᠤᠷ ᠤᠨ | ᠦᠢᠯᠡᠳᠦᠯ ᠨᠢ ᠲᠦᠷᠭᠡᠨ᠂ ᠨᠡᠶᠢᠲᠡᠯᠢᠭ ︽ᠲᠦᠷᠭᠡᠨ ᠦᠢᠯᠡᠳᠦᠯᠳᠦ ᠪᠣᠷᠳᠣᠭᠤᠷ ︾ ᠲᠤ ᠪᠠᠭᠲᠠᠵᠤ᠂ ᠴᠠᠭ | ᠲᠤᠬᠠᠢ ᠳᠤᠨᠢ ᠲᠠᠷᠢᠮᠠᠯ ᠳᠤ ᠠᠽᠣᠲ ᠡᠳ᠋ ᠤᠨ ᠰᠢᠮ᠎ᠡ ᠲᠡᠵᠢᠭᠡᠯ ᠢ ᠬᠠᠩᠭᠠᠳᠠᠭ᠃ ᠲᠤᠷᠰᠢᠯᠲᠠ ᠶᠢ ᠦᠨᠳᠦᠰᠦᠯᠠᠪᠠᠯ᠂ | ᠡᠪᠦᠯ ᠤᠨ ᠤᠯᠠᠷᠢᠯ ᠳᠤ ᠪᠤᠭᠤᠳᠠᠢ ᠶᠢᠨ ᠲᠠᠷᠢᠶᠠᠨ ᠳᠤ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠠᠮᠮᠤᠨᠢ ᠶᠢ ᠨᠡᠮᠡᠨ | ᠣᠷᠤᠭᠤᠯᠪᠠᠯ᠂ ᠪᠣᠷᠳᠣᠭᠤᠷ ᠤᠨ ᠠᠰᠢᠭᠯᠠᠮᠵᠢ ᠨᠢ ᠥᠨᠳᠥᠷ ᠳᠤᠯᠠᠭᠠᠨ ᠤ ᠤᠯᠠᠷᠢᠯ ᠤᠨ ᠬᠢ ᠠᠴᠠ 1~1.5 | ᠳᠠᠬᠢᠨ ᠨᠡᠮᠡᠭᠳᠡᠳᠡᠭ᠃ | ᠰᠢᠭᠡᠰᠦᠯᠢᠭ ᠡᠳ᠋ ᠣᠷᠣᠭᠤᠯᠬᠤ ᠶᠢ ᠴᠡᠭᠡᠷᠯᠡᠨ᠎ᠡ᠃ ᠰᠢᠭᠡᠰᠦᠯᠢᠭ ᠡᠳ᠋ ᠪᠣᠯ ᠠᠼᠢᠯ ᠠᠮᠮᠤᠨᠢ ᠶᠢᠨ ᠲᠥᠯᠥᠪᠲᠦ | ᠠᠽᠣᠲ ᠪᠣᠷᠳᠣᠭᠤᠷ ᠲᠤ ᠪᠠᠭᠲᠠᠨ᠎ᠠ᠂ ᠬᠥᠷᠥᠰᠥᠨ ᠳᠤ ᠣᠷᠣᠭᠤᠯᠤᠭᠰᠠᠨ ᠤ ᠳᠠᠷᠠᠭ᠎ᠠ ᠲᠠᠷᠢᠮᠠᠯ ᠳᠤ ᠰᠢᠭᠤᠳ | ᠰᠢᠩᠭᠡᠭᠡᠭᠳᠡᠨ ᠠᠰᠢᠭᠯᠠᠭᠳᠠᠬᠤ ᠦᠭᠡᠢ᠂ ᠬᠥᠷᠥᠰᠥᠨ ᠳᠠᠬᠢ ᠰᠢᠭᠡᠰᠦᠯᠢᠭ ᠡᠳ᠋ ᠤᠨ ᠪᠠᠺᠲ᠋ᠧᠷᠢ ᠶᠢᠨ ᠰᠢᠭᠦᠷᠡᠭᠦᠯᠦᠭᠰᠡᠨ | ᠰᠢᠭᠡᠰᠦᠨ ᠤ ᠢᠰᠬᠡᠭᠦᠷ ᠤᠨ ᠦᠢᠯᠡᠳᠦᠯ ᠳᠣᠣᠷ᠎ᠠ ᠠᠮᠮᠤᠨᠢ ᠶᠢᠨ ᠲᠥᠯᠥᠪᠲᠦ ᠠᠽᠣᠲ ᠪᠣᠯᠭᠠᠨ ᠬᠤᠪᠢᠷᠠᠭᠤᠯᠪᠠᠯ | ᠰᠠᠶ᠋ᠢ ᠦᠨᠳᠦᠰᠦ ᠶᠢᠨ ᠰᠢᠰᠲ᠋ᠧᠮ ᠤᠨ ᠰᠢᠩᠭᠡᠭᠡᠯᠲᠡ ᠶᠢ ᠬᠠᠩᠭᠠᠵᠤ ᠴᠢᠳᠠᠨ᠎ᠠ᠃ ᠰᠢᠭᠡᠰᠦᠯᠢᠭ ᠡᠳ᠋ ᠤᠨ | ᠬᠤᠪᠢᠷᠠᠯᠲᠠ ᠶᠢᠨ ᠬᠤᠷᠳᠤᠴᠠ ᠨᠢ ᠭᠤᠣᠯᠳᠠᠭᠤ ᠬᠥᠷᠥᠰᠥᠨ ᠤ ᠳᠤᠯᠠᠭᠠᠨ ᠠᠴᠠ ᠲᠣᠭᠲᠠᠭᠠᠭᠳᠠᠨ᠎ᠠ᠃ | ᠬᠥᠷᠥᠰᠥᠨ ᠳᠤ ᠣᠷᠣᠭᠤᠯᠤᠭᠰᠠᠨ ᠰᠢᠭᠡᠰᠦᠯᠢᠭ ᠡᠳ᠋ ᠨᠢ ᠪᠦᠬᠦᠨ ᠢᠶᠠᠷ ᠢᠶᠠᠨ ᠠᠮᠮᠤᠨᠢ ᠶᠢᠨ ᠲᠥᠯᠥᠪᠲᠦ ᠠᠽᠣᠲ | ᠪᠣᠯᠣᠨ ᠬᠤᠪᠢᠷᠠᠬᠤ ᠳᠤ᠂ ᠭᠠᠵᠠᠷ ᠤᠨ ᠳᠤᠯᠠᠭᠠᠨ 10℃ ᠪᠣᠯᠬᠤ ᠦᠶ᠎ᠡ ᠳᠤ 7~10 ᠡᠳᠦᠷ ᠬᠡᠷᠡᠭᠰᠡᠨ᠎ᠡ᠂ | 20℃ ᠪᠣᠯᠬᠤ ᠦᠶ᠎ᠡ ᠳᠤ 4~5 ᠡᠳᠦᠷ ᠬᠡᠷᠡᠭᠰᠡᠨ᠎ᠡ᠂ 30℃ ᠪᠣᠯᠬᠤ ᠦᠶ᠎ᠡ ᠳᠤ ᠵᠥᠪᠬᠡᠨ 2~3 ᠡᠳᠦᠷ | ᠬᠡᠷᠡᠭᠰᠡᠨ᠎ᠡ᠃ ᠡᠭᠦᠨ ᠠᠴᠠ ᠦᠵᠡᠬᠦ ᠳᠤ᠂ ᠲᠠᠷᠢᠮᠠᠯ ᠳᠤ ᠡᠪᠦᠯ ᠤᠨ ᠤᠯᠠᠷᠢᠯ ᠪᠤᠶᠤ ᠬᠠᠪᠤᠷ ᠤᠨ ᠡᠬᠢ ᠪᠠᠷ | ᠪᠣᠷᠳᠣᠭᠤᠷ ᠨᠡᠮᠡᠬᠦ ᠳᠤ ᠬᠡᠷᠪᠡ ᠰᠢᠭᠡᠰᠦᠯᠢᠭ ᠡᠳ᠋ ᠢ ᠣᠷᠣᠭᠤᠯᠪᠠᠯ ᠪᠣᠷᠳᠣᠭᠤᠷ ᠤᠨ ᠠᠰᠢᠭᠯᠠᠮᠵᠢ ᠨᠢ ᠤᠳᠠᠭᠠᠨ | ᠪᠤᠯᠬᠤᠷ ᠲᠠᠷᠢᠮᠠᠯ ᠤᠨ ᠤᠷᠭᠤᠯᠲᠠ ᠶᠢ ᠨᠦᠯᠦᠭᠡᠯᠡᠳᠡᠭ᠃ | ᠹᠣᠰᠹᠣᠷ᠂ ᠴᠠᠶᠢᠷ ᠤᠨ ᠪᠣᠷᠳᠣᠭᠤᠷ ᠢ ᠨᠡᠮᠡᠵᠦ ᠤᠷᠤᠭᠤᠯᠤᠨ᠎ᠠ᠃ ᠲᠠᠷᠢᠮᠠᠯ ᠤᠨ ᠹᠣᠰᠹᠣᠷ ᠪᠣᠯᠣᠨ ᠴᠠᠶᠢᠷ ᠤᠨ | ᠰᠢᠩᠭᠡᠭᠡᠯᠲᠡ ᠨᠢ ᠳᠤᠯᠠᠭᠠᠨ ᠤ ᠬᠡᠮᠵᠢᠶ᠎ᠡ ᠪᠣᠯᠣᠨ ᠭᠡᠷᠡᠯ ᠤᠨ ᠲᠤᠰᠤᠯᠲᠠ ᠶᠢᠨ ᠨᠥᠯᠥᠭᠡ ᠶᠢ ᠢᠯᠡᠷᠬᠡᠢ ᠬᠦᠷᠳᠡᠳᠡᠭ᠃ | ᠡᠪᠦᠯ ᠤᠨ ᠤᠯᠠᠷᠢᠯ ᠳᠤ ᠠᠭᠠᠷ ᠤᠨ ᠳᠤᠯᠠᠭᠠᠨ ᠳᠣᠣᠷ᠎ᠠ᠂ ᠭᠡᠷᠡᠯ ᠤᠨ ᠲᠤᠰᠤᠯᠲᠠ ᠭᠦᠢᠴᠡᠳ ᠦᠭᠡᠢ ᠪᠣᠯᠬᠤᠷ | ᠡᠪᠦᠯᠵᠢᠬᠦ ᠲᠠᠷᠢᠮᠠᠯ ᠳᠤ ᠹᠣᠰᠹᠣᠷ ᠳᠤᠲᠠᠭᠳᠠᠬᠤ᠂ ᠴᠠᠶᠢᠷ ᠳᠤᠲᠠᠭᠳᠠᠬᠤ ᠪᠠᠶᠢᠳᠠᠯ ᠠᠮᠠᠷᠬᠠᠨ ᠢᠯᠡᠷᠡᠳᠡᠭ᠂ | ᠡᠶᠢᠮᠦ ᠠᠴᠠ ᠹᠣᠰᠹᠣᠷ ᠪᠣᠷᠳᠣᠭᠤᠷ ᠪᠠ ᠴᠠᠶᠢᠷ ᠪᠣᠷᠳᠣᠭᠤᠷ ᠢ ᠵᠣᠬᠢᠬᠤ ᠬᠡᠮᠵᠢᠶ᠎ᠡ ᠪᠠᠷ ᠨᠡᠮᠡᠵᠦ ᠣᠷᠣᠭᠤᠯᠪᠠᠯ ᠵᠣᠬᠢᠨ᠎ᠠ᠃ | ᠡᠭᠦᠨ ᠠᠴᠠ ᠭᠠᠳᠠᠨ᠎ᠠ᠂ ᠹᠣᠰᠹᠣᠷ ᠨᠢ ᠤᠷᠭᠤᠮᠠᠯ ᠤᠨ ᠬᠦᠢᠲᠡᠨ ᠢ ᠲᠡᠰᠪᠦᠷᠢᠯᠡᠬᠦ ᠴᠢᠨᠠᠷ ᠢ ᠨᠡᠮᠡᠭᠳᠡᠭᠦᠯᠵᠦ᠂ ᠹᠣᠰᠹᠣᠷ | ᠪᠣᠷᠳᠣᠭᠤᠷ ᠢ ᠨᠡᠮᠡᠪᠡᠯ ᠲᠠᠷᠢᠮᠠᠯ ᠤᠨ ᠬᠥᠯᠳᠡᠬᠦ ᠭᠠᠮᠰᠢᠭ ᠢ ᠰᠡᠷᠭᠡᠶᠢᠯᠡᠬᠦ ᠳᠤ ᠠᠰᠢᠭᠲᠠᠢ᠃ |