ᠭᠠᠷ ᠤᠲᠠᠰᠤᠨ ᠲᠡᠭᠡᠷᠡᠬᠢ ᠡᠮ ᠲᠠᠩ ᠤᠨ ᠬᠠᠷᠢᠴᠠᠭᠤᠯᠤᠭᠰᠠᠨ ᠦᠨ᠎ᠡ ᠳᠤ ᠠᠩᠬᠠᠷᠤᠯ ᠢᠶᠠᠨ ᠬᠠᠨᠳᠤᠭᠤᠯᠤᠭᠠᠷᠠᠢ︕ 29  ᠮᠤᠵᠢ  ᠣᠷᠣᠨ  ᠨᠢᠭᠡᠨᠲᠡ ᠰᠦᠯᠵᠢᠶᠡᠨ ᠳᠤ ᠭᠠᠷᠭᠠᠪᠠ
ᠨᠡᠶᠢᠲᠡᠯᠡᠭᠰᠡᠨ ᠴᠠᠭ᠄
2025/1/8
   2024 ᠣᠨ ᠤ 7 ᠰᠠᠷ᠎ᠠ ᠠᠴᠠ ᠨᠠᠭᠠᠰᠢ᠂ ᠤᠷᠢᠳ ᠬᠤᠵᠢᠳ ᠪᠡᠭᠡᠵᠢᠩ᠂ ᠲᠢᠶᠠᠨᠵᠢᠨ᠂ ᠾᠧᠪᠸᠢ᠂ ᠱᠠᠨ ᠰᠢ᠂ ᠥᠪᠥᠷ ᠮᠣᠩᠭᠤᠯ᠂ ᠯᠢᠶᠣᠤᠨᠢᠩ᠂ ᠭᠢᠷᠢᠨ᠂ ᠬᠠᠷᠠᠮᠥ᠋ᠷᠡᠨ᠂ ᠱᠠᠩᠬᠠᠶ᠂ ᠵᠢᠶᠠᠩᠰᠦ᠂ ᠵᠧᠵᠢᠶᠠᠩ᠂ ᠹᠦᠵᠢᠶᠠᠨ᠂ ᠵᠢᠶᠠᠩᠰᠢ᠂ ᠱᠠᠨᠳᠦ᠋ᠩ᠂ ᠾᠧᠨᠠᠨ᠂ ᠬᠤᠪᠸᠢ᠂ ᠬᠤᠨᠠᠨ᠂ ᠭᠤᠸᠠᠩᠳᠦ᠋ᠩ᠂ ᠭᠤᠸᠠᠩᠰᠢ᠂ ᠬᠠᠶᠢᠨᠠᠨ᠂ ᠴᠦᠩᠴᠢᠩ᠂ ᠰᠧᠴᠤᠸᠠᠨ᠂ ᠭᠦᠢᠵᠧᠤ᠂ ᠶᠦᠨᠨᠠᠨ᠂ ᠲᠥᠪᠡᠳ᠂ ᠱᠠᠨᠰᠢ᠂ ᠭᠠᠨᠰᠦ᠂ ᠬᠥᠬᠡᠨᠠᠭᠤᠷ᠂ ᠰᠢᠨᠵᠢᠶᠠᠩ ᠵᠡᠷᠭᠡ 29 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠵᠠᠯᠭᠠᠭ᠎ᠠ ᠪᠠᠷ ᠪᠥᠬᠦ ᠮᠤᠵᠢ ᠪᠠᠨ ᠬᠠᠮᠤᠷᠤᠭᠰᠠᠨ ᠲᠤᠬᠳᠠᠬᠰᠠᠨ ᠴᠡᠭ ᠤᠨ ᠡᠮ ᠤᠨ ᠳᠡᠯᠭᠡᠭᠦᠷ ᠤᠨ ᠦᠨ᠎ᠡ ᠶᠢᠨ ᠬᠠᠷᠢᠴᠠᠯ ᠤᠨ ᠵᠢᠵᠢᠭ ᠵᠢᠷᠤᠮ ᠢ ᠬᠡᠷᠡᠭᠵᠢᠭᠦᠯᠪᠡ᠃    ᠣᠯᠠᠨ ᠲᠦᠮᠡᠨ ᠲᠤᠬᠠᠶ ᠶᠢᠨ ᠭᠠᠵᠠᠷ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ APP᠂ ᠸᠢᠴᠠᠲ ᠤᠨ ᠵᠢᠵᠢᠭ ᠫᠷᠤᠭ᠍ᠷᠠᠮ᠂ ᠸᠢᠴᠠᠲ ᠤᠨ ᠨᠡᠶᠢᠲᠡ ᠶᠢᠨ ᠳ᠋ᠤᠭᠠᠷ᠂ ᠲᠣᠭᠠᠴᠠᠭ᠎ᠠ ᠬᠢᠬᠦ ᠡᠷᠳᠡᠨᠢ ︵支付宝︶ ᠶᠢᠨ ᠵᠢᠵᠢᠭ ᠫᠷᠤᠭ᠍ᠷᠠᠮ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠡᠮ ᠲᠠᠩ ᠤᠨ ᠬᠠᠷᠢᠴᠠᠭᠤᠯᠤᠭᠰᠠᠨ ᠦᠨ᠎ᠡ ᠶᠢ ᠣᠯᠵᠤ᠂ ᠡᠮ ᠲᠠᠩ ᠤᠨ ᠦᠨ᠎ᠡ ᠬᠠᠩᠰᠢ ᠶᠢ ᠭᠠᠷ ᠤᠲᠠᠰᠤᠨ ᠳᠡᠭᠡᠷ᠎ᠡ ᠨᠢᠭᠡ ᠯᠡ ᠳᠠᠷᠤᠪᠴᠢ ᠪᠠᠷ ᠪᠠᠶᠢᠴᠠᠭᠠᠨ ᠯᠠᠪᠯᠠᠬᠤ᠂ ᠴᠠᠭ ᠲᠤᠬᠠᠶ ᠳᠤᠨᠢ ᠬᠠᠷᠢᠴᠠᠭᠤᠯᠬᠤ ᠪᠠ ᠣᠷᠣᠨ ᠪᠠᠶᠢᠷᠢ ᠪᠠᠷ ᠨᠢ ᠵᠠᠮᠴᠢᠯᠠᠬᠤ ᠶᠢ ᠪᠡᠶᠡᠯᠡᠭᠦᠯᠤᠭ᠍ᠰᠡᠨ ᠤ ᠬᠠᠮᠲᠤ ᠬᠡᠰᠡᠭ ᠮᠤᠵᠢ ᠶᠢᠨ ᠲᠣᠭᠲᠠᠭᠰᠠᠨ ᠡᠮ ᠤᠨ ᠳᠡᠯᠭᠡᠭᠦᠷ ᠤᠨ ᠬᠠᠷᠢᠴᠠᠭᠤᠯᠤᠭᠰᠠᠨ ᠦᠨ᠎ᠡ ᠶᠢᠨ ᠫᠷᠤᠭ᠍ᠷᠠᠮ ᠳᠤ ᠪᠠᠰᠠ ᠬᠥᠮᠥᠷᠭᠡᠯᠡᠯᠲᠡ ᠶᠢᠨ ᠮᠡᠳᠡᠭᠡ ᠵᠠᠩᠭᠢ ᠶᠢ ᠲᠡᠯᠭᠡᠨ ᠦᠵᠡᠬᠦᠯᠬᠦ᠂ ᠬᠡᠪ ᠤᠨ ᠪᠤᠰᠤ ᠦᠨ᠎ᠡ ᠳᠤ ᠰᠠᠨᠠᠭᠤᠯᠤᠮᠵᠢ ᠦᠭᠭᠦ᠂ ᠦᠨ᠎ᠡ ᠬᠠᠩᠰᠢ ᠶᠢᠨ ᠬᠠᠨᠳᠤᠰᠢ ᠶᠢᠨ ᠵᠠᠳᠠᠯᠤᠯᠲᠠ ᠵᠡᠷᠭᠡ ᠬᠤᠯᠪᠣᠭᠳᠠᠯ ᠪᠥᠬᠦᠶ ᠴᠢᠳᠠᠮᠵᠢ ᠶᠢ ᠬᠠᠩᠭᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号