ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠬᠦᠷᠢᠶᠡᠨ ᠳᠤ ᠴᠢᠬᠤᠯᠠ ᠰᠠᠶᠢᠨ ᠴᠢᠮᠡᠭᠡ ᠳᠤᠭᠤᠯᠳᠠᠯ᠎ᠠ︕ | 1 ᠰᠠᠷ᠎ᠠ ᠶᠢᠨ 7 ᠤ ᠡᠳᠦᠷ᠂ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ | ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠨᠡᠶᠢᠲᠡᠯᠡᠪᠡ᠃ ᠡᠨᠡ ᠪᠣᠯ ᠮᠠᠨ ᠤ ᠤᠯᠤᠰ ᠠᠩᠬ᠎ᠠ ᠤᠳᠠᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠨᠠᠰᠤᠵᠢᠯ ᠤᠨ ᠠᠰᠠᠷᠠᠮᠵᠢ ᠶᠢᠨ | ᠤᠶᠢᠯᠡᠴᠢᠯᠡᠭᠡᠨ ᠤ ᠠᠵᠢᠯ ᠤᠨ ᠲᠤᠬᠠᠶ ᠰᠠᠨᠠᠯ ᠢ ᠳᠠᠷᠤᠮᠠᠯᠯᠠᠨ ᠲᠠᠷᠬᠠᠭᠠᠵᠤ ᠪᠠᠶᠢᠭ᠎ᠠ ᠶᠠᠪᠤᠳᠠᠯ ᠪᠣᠯᠤᠨ᠎ᠠ᠃ ᠰᠠᠨᠠᠯ ᠳᠤ | ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠦᠯᠵᠢᠶ᠎ᠡ᠂ ᠤᠶᠢᠯᠡᠴᠢᠯᠡᠭᠡᠨ ᠤ ᠬᠡᠯᠪᠡᠷᠢ ᠵᠡᠷᠭᠡ ᠲᠠᠯ᠎ᠠ ᠪᠠᠷ | ᠬᠠᠷᠠᠯᠲᠠ ᠪᠠ ᠠᠷᠭ᠎ᠠ ᠵᠠᠮ ᠳᠤᠷᠠᠳᠴᠤ᠂ 3 ᠳ᠋ᠦᠩᠰᠢᠭᠤᠷ ᠰᠢᠬᠠᠮ ᠨᠠᠰᠤᠲᠠᠶᠢᠴᠤᠳ ᠤᠨ ᠥᠲᠡᠯᠦᠭᠡ | ᠨᠠᠰᠤᠨ ᠳᠠᠭᠠᠨ ᠠᠰᠠᠷᠠᠮᠵᠢ ᠲᠠᠢ᠂ ᠵᠣᠯ ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠶᠢ ᠨᠠᠩ ᠰᠠᠶᠢᠲᠤᠷ | ᠪᠠᠲᠤᠯᠠᠬᠤ ᠪᠤᠯᠤᠨ᠎ᠠ᠃ ᠡᠨᠡ ᠪᠣᠯ ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠪᠠᠶᠢᠳᠠᠯ᠂ ᠤᠯᠤᠰ ᠣᠷᠣᠨ ᠤ | ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ᠂ ᠴᠢᠬᠤᠯᠠ ᠶᠠᠪᠤᠳᠠᠯ ᠮᠥᠨ᠃ | ᠰᠠᠨᠠᠯ ᠤᠨ ᠰᠢᠨ᠎ᠡ ᠭᠡᠳᠡᠭ ᠨᠢ ᠶᠠᠭᠤ ᠪᠤᠯᠬᠤ ᠪᠤᠢ︖ ᠰᠠᠨᠠᠯ ᠳᠤ ᠠᠩᠬ᠎ᠠ ᠤᠳᠠᠭ᠎ᠠ ᠮᠠᠨ ᠤ ᠤᠯᠤᠰ ᠤᠨ | ᠤᠯᠤᠰ ᠤᠨ ᠪᠠᠶᠢᠳᠠᠯ ᠳᠤ ᠳᠣᠭᠢᠷᠠᠬᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠢᠰᠲ᠋ᠧᠮ ᠨᠢ ᠶᠠᠭᠤ | ᠪᠣᠯᠬᠤ ᠲᠤᠬᠠᠢ ᠲᠤᠳᠤᠷᠬᠠᠢ ᠬᠠᠷᠢᠭᠤᠯᠳᠠ ᠦᠭᠴᠡᠢ — ᠲᠠᠰ ᠲᠥᠷᠥᠯ ᠬᠤᠪᠢᠶᠠᠵᠦ᠂ ᠲᠦᠭᠡᠮᠡᠯ ᠬᠠᠷᠠᠭᠠᠯᠵᠠᠯ | ᠬᠦᠷᠳᠡᠭᠡᠬᠦ᠂ ᠬᠤᠲᠠ ᠬᠥᠳᠡᠭᠡ ᠶᠢ ᠬᠠᠮᠤᠷᠤᠭᠰᠠᠨ᠂ ᠦᠷᠭᠦᠯᠵᠢᠯᠡᠨ ᠬᠥᠭᠵᠢᠬᠦ ᠨᠠᠰᠤᠵᠢᠯ ᠤᠨ ᠠᠰᠠᠷᠠᠮᠵᠢ ᠶᠢᠨ | ᠤᠶᠢᠯᠡᠴᠢᠯᠡᠭᠡᠨ ᠤ ᠰᠢᠰᠲ᠋ᠧᠮ ᠪᠤᠯᠤᠨ᠎ᠠ ᠬᠡᠪᠡ᠃ ᠰᠠᠨᠠᠯ ᠳᠤ ᠠᠩᠬ᠎ᠠ ᠤᠳᠠᠭ᠎ᠠ ᠬᠤᠲᠠ ᠬᠥᠳᠡᠭᠡ ᠶᠢ ᠬᠠᠮᠤᠷᠤᠭᠰᠠᠨ | ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠰᠦᠯᠵᠢᠶ᠎ᠡ ᠶᠢ ᠲᠦᠷᠭᠡᠨ ᠪᠦᠷᠢᠨᠰᠢᠬᠦᠯᠤᠨ᠎ᠠ | ᠭᠡᠵᠦ ᠳᠤᠷᠠᠳᠴᠠᠶ — ᠰᠢᠶᠠᠨ ᠤ ᠱᠠᠲᠤᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ | ᠬᠠᠮᠢᠶᠠᠷᠤᠯᠲᠠ ᠶᠢᠨ ᠲᠠᠪᠴᠠᠩ ᠨᠢ ᠵᠢᠱᠢᠶ᠎ᠡ ᠦᠵᠡᠭᠦᠯᠦᠨ ᠵᠢᠯᠣᠭᠤᠳᠬᠤ ᠵᠡᠷᠭᠡ ᠤᠶᠢᠯᠡᠳᠦᠯ ᠢᠶᠠᠨ ᠪᠠᠳᠠᠷᠠᠭᠤᠯᠵᠤ᠂ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ | ᠤᠶᠢᠯᠡᠴᠢᠯᠡᠭᠡᠨ ᠤ ᠲᠥᠪ ᠨᠢ ᠬᠦᠵᠰᠦ ᠪᠤᠯᠬᠤ ᠤᠶᠢᠯᠡᠳᠦᠯ ᠢᠶᠠᠨ ᠪᠠᠳᠠᠷᠠᠭᠤᠯᠵᠤ᠂ ᠲᠣᠰᠬᠤᠨ ︵ᠨᠡᠶᠢᠭᠡᠮ ᠲᠣᠭᠤᠷᠢᠭ | ︶ ᠤ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠲᠥᠬᠦᠭᠡᠷᠦᠮᠵᠢ ᠥᠷᠲᠡᠭᠡ ᠴᠡᠭ ᠨᠢ ᠨᠠᠰᠤᠲᠠᠶᠢᠴᠤᠳ ᠲᠤ | ᠣᠶᠢᠷᠠᠳᠬᠤ ᠳᠠᠪᠠᠭᠤᠯᠢᠭ ᠢᠶᠠᠨ ᠪᠠᠳᠠᠷᠠᠭᠤᠯᠵᠤ᠂ ᠪᠦᠬᠦ᠋ᠢᠯᠡ ᠰᠢᠶᠠᠨ ︵ᠲᠣᠭᠤᠷᠢᠭ︶ ᠤ ᠬᠡᠪᠴᠢᠶᠡᠨ ᠳᠠᠬᠢ | ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢ ᠴᠡᠭ ᠲᠠᠢ ᠬᠤᠯᠪᠣᠨ ᠰᠦᠯᠵᠢᠶᠡᠵᠢᠬᠦᠯᠵᠤ᠂ ᠦᠢᠯᠡᠴᠢᠯᠡᠭᠡ ᠶᠢ | ᠨᠠᠩ ᠳᠥᠭᠦᠮ ᠳᠥᠲᠡ ᠪᠣᠯᠭᠠᠨ᠎ᠠ ᠭᠡᠪᠡ᠃ ᠰᠠᠨᠠᠯ ᠳᠤ ᠠᠩᠬ᠎ᠠ ᠤᠳᠠᠭ᠎ᠠ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠲᠥᠷᠥᠯ ᠬᠤᠪᠢᠶᠠᠭᠰᠠᠨ ᠥᠭᠡᠷᠡᠴᠢᠯᠡᠯᠲᠡ ᠶᠢᠨ ᠲᠤᠬᠠᠢ ᠲᠤᠷᠠᠳᠴᠠᠢ — ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠦᠨᠳᠦᠰᠦᠨ ᠵᠤᠶᠢᠯ ᠢ ᠪᠠᠲᠤᠯᠠᠬᠤ ᠬᠡᠯᠪᠡᠷᠢ ᠶᠢᠨ᠂ ᠲᠦᠭᠡᠮᠡᠯ ᠬᠠᠷᠠᠭᠠᠯᠵᠠᠯᠲᠤ | ᠳᠡᠮᠵᠢᠯᠭᠡ ᠶᠢᠨ ᠬᠡᠯᠪᠡᠷᠢ ᠶᠢᠨ᠂ ᠪᠦᠷᠢᠨ ᠵᠠᠬ᠎ᠠ ᠳᠡᠯᠭᠡᠭᠦᠷ ᠤᠨ ᠬᠡᠯᠪᠡᠷᠢ ᠶᠢᠨ ᠭᠡᠵᠦ ᠬᠤᠪᠢᠶᠠᠬᠤ ᠶᠢ ᠠᠩᠬ᠎ᠠ ᠤᠳᠠᠭ᠎ᠠ | ᠲᠤᠳᠤᠷᠬᠠᠶᠢᠯᠠᠵᠤ᠂ ᠦᠨᠳᠦᠰᠦᠨ ᠵᠤᠶᠢᠯ ᠢ ᠪᠠᠲᠤᠯᠠᠬᠤ ᠪᠠᠲᠤᠯᠠᠭ᠎ᠠ ᠲᠠᠢ᠂ ᠵᠠᠪᠠᠯ ᠤᠶᠢᠯᠡᠴᠢᠯᠡᠭᠡ ᠪᠠᠶᠢᠬᠤ᠂ ᠲᠦᠭᠡᠮᠡᠯ | ᠬᠠᠷᠠᠭᠠᠯᠵᠠᠯᠲᠤ ᠬᠠᠩᠭᠠᠯᠭ᠎ᠠ ᠲᠠᠢ᠂ ᠵᠠᠬ᠎ᠠ ᠳᠡᠯᠭᠡᠭᠦᠷ ᠤᠨ ᠰᠣᠩᠭᠤᠯᠲᠠ ᠲᠠᠢ ᠤᠶᠢᠯᠡᠴᠢᠯᠡᠭᠡᠨ ᠤ ᠪᠠᠶᠢᠷᠢᠰᠢᠯ ᠢ ᠪᠣᠶ | ᠪᠣᠯᠭᠠᠬᠤ ᠶᠢ ᠠᠬᠢᠭᠤᠯᠤᠨ᠎ᠡ ᠬᠡᠪᠡ᠃ |