ᠴᠠᠭᠠᠨ ᠰᠠᠷ᠎ᠠ ᠶᠢᠨ ᠦᠨᠦᠷ ᠠᠮᠳᠠ ᠦᠷᠬᠦᠯᠵᠢᠯᠡᠵᠦ ᠭᠤᠶᠢᠳᠠ ᠰᠠᠶᠢᠬᠠᠨ ᠬᠦᠳᠡᠯᠭᠡᠭᠡᠨ ᠦᠯᠵᠡᠶᠢᠳᠦ ᠡᠳᠦᠷ ᠤᠨ ᠪᠠᠶᠠᠷ ᠢ ᠪᠡᠯᠭᠡᠯᠡᠨ᠎ᠡ
ᠨᠡᠶᠢᠲᠡᠯᠡᠭᠰᠡᠨ ᠴᠠᠭ᠄
2025/2/13
   2 ᠰᠠᠷ᠎ᠠ ᠶᠢᠨ 12 ᠤᠨ ᠡᠳᠦᠷ᠂ ᠲᠦᠴᠢᠦᠸᠠᠨ ᠰᠢᠶᠠᠨ ︽ᠥᠪᠥᠷ ᠮᠣᠩᠭᠤᠯ ᠢᠶᠠᠷ ᠲᠠᠭᠤᠯᠠᠨ ᠵᠤᠭᠠᠴᠠᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠡᠯᠭᠡᠯᠡᠬᠦ︾ ᠭᠤᠤᠯ ᠰᠡᠳᠦᠪᠲᠦ ᠳ᠋ᠧᠩᠯᠦ ᠶᠢᠨ ᠴᠤᠭᠯᠠᠭᠠᠨ ᠡᠷᠭᠢᠯᠡᠵᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠮᠡᠳᠡᠷᠡᠬᠦ᠂ ᠴᠠᠭᠠᠨ ᠰᠠᠷ᠎ᠠ  ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠡᠯᠭᠡᠯᠡᠬᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠰᠣᠨᠢᠷᠬᠠᠬᠤ ᠵᠡᠷᠭᠡ ᠭᠤᠶᠢᠳᠠ ᠰᠠᠶᠢᠬᠠᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠴᠠᠭᠠᠨ ᠰᠠᠷ᠎ᠠ ᠶᠢᠨ ᠵᠠᠩ ᠳᠠᠳᠬᠠᠯ ᠢ ᠰᠣᠨᠢᠷᠬᠠᠭᠤᠯᠵᠤ᠂ ᠴᠠᠭᠠᠨ ᠰᠠᠷ᠎ᠠ ᠶᠢᠨ ᠦᠨᠦᠷ ᠠᠮᠲᠠ ᠶᠢ ᠠᠮᠲᠠᠯᠠᠭᠤᠯᠵᠤ᠂ ᠴᠠᠭᠠᠨ ᠰᠠᠷ᠎ᠠ ᠶᠢᠨ ᠬᠠᠪᠤ ᠴᠡᠩᠭᠡᠯ ᠢ ᠡᠳ᠋ᠯᠡᠭᠦᠯᠪᠡ᠃
   ᠥᠯᠵᠡᠶᠢᠲᠦ ᠦᠳᠡᠰᠢ᠂ ᠥᠩᠭᠡᠲᠦ ᠳ᠋ᠧᠩ ᠳᠤᠸᠠᠯᠠᠨ᠎ᠠ᠃ ᠡᠯ᠎ᠡ ᠵᠦᠶᠯ ᠤᠨ ᠥᠩᠭᠡᠲᠦ ᠳ᠋ᠧᠩ ᠨᠢ ᠨᠠᠩ ᠴᠤ ᠯᠢᠴᠢᠤᠸᠠᠨ ᠲᠠᠯᠠᠪᠠᠶ ᠶᠢ ᠲᠠᠪᠤᠨ ᠥᠩᠭᠡ ᠪᠠᠷ ᠰᠣᠯᠣᠩᠭᠠᠷᠠᠭᠤᠯᠤᠨ᠂ ᠠᠷᠰᠢ ᠶᠢᠨ ᠣᠷᠣᠨ ᠰᠢᠭ ᠴᠢᠮᠡᠭᠯᠡᠵᠦ᠂ ᠲᠡᠭ  ᠠᠴᠠ ᠳᠣᠷᠣᠭᠰᠢ 10 ᠬᠡᠳᠦᠨ ᠭᠷᠠᠳᠦ᠋ᠰ ᠤᠨ ᠠᠭᠠᠷ ᠤᠨ ᠳᠤᠯᠠᠭᠠᠨ ᠳᠤ ᠮᠥᠨ ᠯᠡ ᠰᠠᠭᠤᠭᠠᠯᠢ ᠠᠷᠠᠳ ᠤᠨ ᠳ᠋ᠧᠩ ᠰᠣᠨᠢᠷᠬᠠᠬᠤ ᠬᠠᠯᠠᠭᠤᠨ ᠰᠡᠳᠬᠢᠯᠭᠡ ᠶᠢ ᠬᠠᠯᠬᠠᠯᠠᠵᠤ ᠳᠡᠶᠢᠯᠬᠦ ᠥᠬᠡᠶ ᠪᠠᠶᠢᠳᠠᠭ᠂ ᠰᠥᠨᠢ ᠶᠢᠨ ᠯᠢᠴᠢᠤᠸᠠᠨ ᠲᠠᠯᠠᠪᠠᠶ  ᠶᠢᠨ ᠬᠤᠸᠠᠷ ᠫᠤᠤᠵᠢᠩ ᠳᠥᠷᠪᠡᠨ ᠵᠦᠭ ᠲᠤ ᠳᠡᠯᠭᠡᠷᠡᠨ᠂ ᠢᠨᠢᠶᠡᠳᠦ ᠶᠢᠨ ᠲᠠᠭᠤᠨ ᠲᠠᠰᠤᠷᠠᠯᠲᠠ ᠥᠬᠡᠶ ᠰᠣᠨᠣᠰᠳᠠᠵᠤ᠂ ᠬᠥᠮᠦᠰ ᠪᠠᠶᠠᠷ ᠪᠠᠶᠠᠰᠬᠤᠯᠠᠩ ᠤᠨ ᠳᠤᠮᠳᠠ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠳ᠋ᠧᠩ ᠰᠣᠨᠢᠷᠬᠠᠬᠤ ᠣᠨᠴᠠᠭᠠᠶ ᠳᠤᠷ᠎ᠠ ᠰᠣᠨᠢᠷᠬᠠᠯ ᠢ ᠪᠡᠶᠡᠴᠢᠯᠡᠨ ᠣᠶᠢᠯᠠᠭᠠᠵᠤ ᠪᠠᠶᠢᠯ᠎ᠠ᠃
   ︽ᠡᠨᠡ ᠵᠢᠯ ᠤᠨ ᠬᠤᠸᠠᠷᠲᠤ ᠳ᠋ᠧᠩ ᠤᠨ ᠶᠠᠩᠵᠤ ᠬᠡᠯᠪᠡᠷᠢ ᠮᠠᠰᠢ ᠰᠢᠨ᠎ᠡ᠂ ᠪᠦᠷ ᠥᠩᠭᠡᠷᠡᠭᠡᠭᠰᠡᠨ ᠳᠤ ᠦᠵᠡᠵᠦ ᠥᠩᠭᠡᠷᠡᠭᠰᠡᠨ ᠦᠭᠡᠢ᠂ ᠪᠢ ᠬᠤᠸᠠᠷᠲᠤ ᠳ᠋ᠧᠩ ᠪᠣᠯᠭᠠᠨ ᠢ ᠰᠡᠭᠦᠳᠡᠷᠯᠡᠵᠦ ᠳᠤᠷᠠᠰᠬᠠᠯ ᠪᠣᠯᠭᠠᠶ᠎ᠠ ᠭᠡᠵᠦ ᠪᠣᠳᠣᠵᠤ ᠪᠠᠶᠢᠨ᠎ᠠ᠂ ᠥᠨᠥᠳᠦᠷ ᠳ᠋ᠧᠩ ᠰᠣᠨᠢᠷᠬᠠᠬᠤ ᠬᠥᠮᠦᠨ ᠪᠠᠰᠠ ᠮᠠᠰᠢ ᠣᠯᠠᠨ᠂ ᠡᠨᠡ ᠵᠢᠯ ᠤᠨ ᠪᠠᠶᠠᠷ ᠤᠨ ᠡᠳᠦᠷ ᠤᠨ ᠠᠭᠤᠷ ᠠᠮᠢᠰᠬᠤᠯ ᠣᠨᠴᠠᠭᠠᠢ ᠥᠳᠬᠡᠨ ᠰᠠᠨᠠᠭᠳᠠᠵᠤ ᠪᠠᠶᠢᠨ᠎ᠠ᠃︾ ᠭᠡᠵᠦ ᠦᠵᠡᠭᠴᠢ ᠳ᠋ᠦᠩ ᠰᠢᠨ ᠰᠢᠨ ᠬᠡᠯᠡᠨ᠎ᠡ᠃
   ᠭᠡᠷᠡᠯ ᠰᠠᠴᠤᠷᠠᠩᠭᠤᠶ ᠳ᠋ᠧᠩ ᠤᠨ ᠦᠪᠡᠳᠡᠭᠰᠢ ᠳᠠᠶᠢᠯᠠᠯᠭ᠎ᠠ ᠳᠤ᠂ ᠨᠢᠭᠡ ᠠᠶᠠᠭ᠎ᠠ ᠱᠥᠯᠥ ᠲᠠᠢ ᠪᠣᠭᠤᠷᠰᠤᠭ ᠢᠳᠡᠵᠦ᠂ ᠨᠢᠭᠡ ᠣᠨᠢᠰᠤᠭ᠎ᠠ ᠳᠠᠭᠠᠵᠤ᠂ ᠨᠢᠭᠡ ᠵᠢᠯ ᠤᠨ ᠠᠮᠵᠢᠯᠲᠠ ᠣᠯᠬᠤ ᠶᠢ  ᠬᠦᠰᠡᠨ᠎ᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠶᠢᠨ ᠬᠡᠳᠦᠨ ᠵᠠᠭᠤᠨ ᠣᠯᠠᠨ ᠲᠦᠮᠡᠨ ᠥᠯᠵᠡᠶᠢᠲᠦ ᠪᠣᠭᠤᠷᠰᠤᠭ ᠢᠳᠡᠬᠦ ᠶᠢᠨ ᠳᠠᠭᠠᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠵᠠᠩ ᠵᠠᠩᠰᠢᠯ ᠢ ᠣᠶᠢᠯᠠᠭᠠᠵᠤ᠂ ᠬᠥᠷ ᠨᠠᠷᠭᠢᠶᠠᠨ ᠢᠶᠠᠷ ᠪᠢᠯᠬᠠᠵᠤ᠂ ᠥᠯᠵᠡᠶᠢᠲᠦ ᠡᠳᠦᠷ ᠤᠨ ᠰᠣᠶᠣᠯ ᠢ ᠬᠠᠮᠲᠤ ᠪᠠᠷ ᠡᠳ᠋ᠯᠡᠵᠦ ᠪᠠᠶᠢᠯ᠎ᠠ᠃
   ︽ᠪᠢ ᠰᠠᠶ᠋ᠢ ᠥᠯᠵᠡᠶᠢᠲᠦ ᠪᠣᠭᠤᠷᠰᠤᠭ ᠢ ᠢᠳᠡᠵᠦ᠂ ᠪᠠᠰᠠ ᠳ᠋ᠧᠩ ᠤᠨ ᠣᠨᠢᠰᠤᠭ᠎ᠠ ᠶᠢ ᠳᠠᠭᠠᠵᠤ᠂ ᠡᠶᠢᠮᠦ ᠬᠥᠳᠡᠯᠭᠡᠭᠡᠨ ᠨᠢ ᠦᠨᠡᠨ ᠲᠤᠩ ᠰᠠᠶᠢᠬᠠᠨ᠂ ᠣᠯᠠᠨ ᠢ ᠴᠠᠭᠠᠨ ᠰᠠᠷ᠎ᠠ ᠶᠢᠨ ᠠᠷᠪᠠᠨ ᠲᠠᠪᠤᠨ ᠤ ᠠᠷᠠᠳ ᠤᠨ ᠵᠠᠩ ᠦᠢᠯᠡ ᠶᠢᠨ ᠰᠣᠶᠣᠯ ᠢ ᠨᠠᠩ ᠣᠢᠯᠠᠭᠠᠭᠤᠯᠵᠤ ᠴᠢᠳᠠᠬᠤ ᠪᠠᠷ ᠪᠠᠷᠠᠬᠤ ᠦᠭᠡᠢ᠂ ᠪᠠᠰᠠ ᠪᠢᠳᠡᠨ ᠳᠤ ᠭᠦᠨ ᠵᠤᠵᠠᠭᠠᠨ ᠴᠠᠭᠠᠨ ᠰᠠᠷ᠎ᠠ ᠶᠢᠨ ᠦᠨᠦᠷ ᠠᠮᠲᠠ ᠶᠢ ᠮᠡᠳᠡᠷᠡᠭᠦᠯᠵᠦ᠂ ᠲᠤᠩ ᠤᠳᠬ᠎ᠠ ᠠᠭᠤᠯᠭ᠎ᠠ ᠲᠠᠢ᠃︾ ᠭᠡᠵᠦ ᠯᠢᠦ ᠸᠧᠢ ᠴᠢ ᠬᠡᠯᠡᠨ᠎ᠡ᠃
   ᠬᠤᠸᠠᠷ ᠫᠤᠤᠵᠢᠩ ᠳᠡᠯᠭᠡᠷᠡᠵᠦ᠂ ᠰᠥᠨᠢ ᠶᠢᠨ ᠣᠭᠲᠠᠷᠭᠤᠶ ᠶᠢ ᠭᠡᠷᠡᠯᠲᠦᠭᠦᠯᠦᠨ᠎ᠡ᠃ ᠤᠯᠠᠭᠠᠨ ᠨᠢ ᠭᠠᠯ ᠠᠳᠠᠯᠢ ᠂ ᠴᠠᠭᠠᠨ ᠨᠢ ᠮᠦᠩᠭᠦ ᠠᠳᠠᠯᠢ᠂ ᠨᠣᠭᠤᠭᠠᠨ ᠨᠢ ᠬᠠᠰ ᠠᠳᠠᠯᠢ᠂ ᠶᠠᠭᠠᠨ ᠨᠢ ᠲᠤᠶᠠᠭ᠎ᠠ ᠠᠳᠠᠯᠢ᠂ ᠣᠭᠲᠠᠷᠭᠤᠢ ᠳᠤ ᠳᠡᠭᠳᠡᠭᠰᠡᠨ ᠡᠯ᠎ᠡ ᠵᠦᠢᠯ ᠤᠨ ᠶᠣᠰᠣᠯᠠᠯ ᠤᠨ ᠴᠡᠴᠡᠭ ᠥᠩᠭᠡ ᠢᠯᠭᠠᠷᠠᠨ ᠮᠢᠷᠠᠯᠵᠠᠵᠤ᠂ ᠬᠥᠮᠦᠰ ᠤᠨ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠢ ᠳᠠᠭᠠᠯᠳᠤᠨ᠂ ᠬᠤᠸᠠᠷ ᠫᠤᠤᠵᠢᠩ ᠨᠢ ᠰᠥᠨᠢ ᠶᠢᠨ ᠣᠭᠲᠠᠷᠭᠤᠢ ᠶᠢ ᠤᠯᠠᠶᠢᠯᠭᠠᠵᠤ᠂ ᠡᠬᠡ ᠭᠠᠵᠠᠷ ᠢ ᠭᠡᠶᠢᠭᠦᠯᠪᠡ᠃
   ᠳᠠᠷᠠᠭ᠎ᠠ ᠨᠢ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠭᠤᠤᠯ ᠰᠡᠳᠦᠪᠲᠦ ᠬᠠᠮᠲᠤᠷᠠᠭᠰᠠᠨ ᠲᠣᠭᠯᠠᠯᠲᠠ᠂ ᠮᠢᠩᠭᠠᠨ ᠬᠥᠮᠦᠨ ᠤ ᠶᠠᠩᠭᠠᠷ ᠪᠥᠵᠢᠭ᠂ ᠮᠢᠩᠭᠠᠨ ᠬᠥᠮᠦᠨ ᠤ ᠪᠥᠵᠢᠭ᠂ ᠥᠪᠡᠷᠮᠢᠴᠡ ᠣᠨᠴᠠᠯᠢᠭ ᠲᠠᠢ ᠭᠤᠶᠢᠳᠠ ᠰᠠᠶᠢᠬᠠᠨ ᠠᠵᠢᠯᠯᠠᠭ᠎ᠠ ᠡᠭᠡᠯᠵᠢᠯᠡᠨ ᠶᠠᠪᠤᠭᠳᠠᠵᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠠᠪᠴᠢᠷᠠᠵᠠᠶ᠃ ᠡᠭᠦᠨ ᠤ ᠬᠠᠮᠲᠤ᠂ ᠲᠤᠬᠠᠶ ᠶᠢᠨ ᠲᠠᠯᠠᠪᠠᠶ  ᠳᠤ ᠪᠠᠰᠠ ︽ᠥᠪᠥᠷ ᠮᠣᠩᠭᠤᠯ ᠢᠶᠠᠷ ᠲᠠᠭᠤᠯᠠᠨ ᠵᠤᠭᠠᠴᠠᠵᠤ ᠲᠦᠴᠢᠦᠸᠠᠨ ᠤ ᠰᠢᠨ᠎ᠡ ᠵᠢᠯ︾ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠡᠯᠭᠡᠯᠡᠬᠦ 2025 ᠣᠨ ᠤ ᠪᠥᠬᠦ ᠰᠢᠶᠠᠨ ᠤ ᠤᠯᠠᠮᠵᠢᠯᠠᠯᠲᠤ ᠶᠠᠩᠭᠠᠷ ᠤᠨ ᠬᠠᠮᠲᠤᠷᠠᠭᠰᠠᠨ ᠲᠣᠭᠯᠠᠯᠲᠠ ᠳᠤ ᠣᠷᠣᠯᠴᠠᠭᠰᠠᠨ ᠱᠠᠩᠨᠠᠯ ᠭᠥᠷᠳᠡᠭᠰᠡᠨ ᠡᠩᠨᠡᠭᠡ ᠳᠤ ᠱᠠᠩᠨᠠᠯ ᠭᠠᠷᠳᠠᠭᠤᠯᠪᠠ᠃    ︽ᠥᠨᠥᠳᠦᠷ ᠤᠨ ᠠᠵᠢᠯᠯᠠᠭ᠎ᠠ ᠮᠠᠰᠢ ᠭᠤᠶᠢᠳᠠ ᠰᠠᠶᠢᠬᠠᠨ᠂ ᠠᠭᠤᠯᠭ᠎ᠠ ᠪᠣᠯᠭᠠᠨ ᠢ ᠪᠢ ᠪᠦᠷ ᠮᠠᠰᠢ ᠲᠣᠭᠤᠨ᠎ᠠ᠂ ᠪᠢ ᠲᠤᠰᠬᠠᠶᠢᠯᠠᠨ ᠥᠩᠭᠡᠲᠦ ᠳ᠋ᠧᠩ ᠦᠵᠡᠵᠦ᠂ ᠳ᠋ᠧᠩ ᠤᠨ ᠣᠨᠢᠰᠤᠭ᠎ᠠ ᠳᠠᠭᠠᠬᠤ ᠠᠵᠢᠯᠯᠠᠭ᠎ᠠ ᠳᠤ ᠣᠷᠣᠯᠴᠠᠬᠤ  ᠪᠠᠷ ᠢᠷᠡᠭᠰᠡᠨ᠂ ᠡᠨᠡ ᠬᠡᠳᠦᠨ ᠵᠢᠯ ᠳᠤ ᠲᠦᠴᠢᠦᠸᠠᠨ ᠤ ᠠᠵᠢᠯᠯᠠᠭ᠎ᠠ ᠦᠨᠡᠬᠡᠷ ᠵᠢᠯ ᠠᠴᠠ ᠵᠢᠯ ᠰᠠᠶᠢᠵᠢᠷᠠᠵᠤ ᠪᠠᠶᠢᠨ᠎ᠠ᠂ ᠬᠤᠶᠢᠰᠢᠳᠠ ᠡᠶᠢᠮᠦ ᠠᠵᠢᠯᠯᠠᠭ᠎ᠠ ᠶᠢ ᠨᠡᠩ ᠤᠯᠠᠨ ᠵᠣᠬᠢᠶᠠᠨ ᠪᠠᠶᠢᠭᠤᠯᠬᠤ ᠶᠢ ᠬᠦᠰᠡᠵᠦ ᠪᠠᠶᠢᠨ᠎ᠠ᠃︾ ᠭᠡᠵᠦ ᠦᠵᠡᠭᠴᠢ ᠵᠠᠩ ᠮᠧᠩ ᠨᠠᠨ ᠬᠡᠯᠡᠪᠡ᠃
   ᠠᠵᠢᠯᠯᠠᠭ᠎ᠠ ᠶᠢᠨ ᠠᠬᠤᠶ ᠲᠠᠯᠠᠪᠠᠶ ᠳᠤ᠂ ᠲᠦᠮᠡ ᠰᠢᠬᠠᠮ ᠣᠯᠠᠨ ᠲᠦᠮᠡᠨ ᠳᠥᠷᠪᠡᠨ ᠵᠦᠭ ᠨᠠᠶᠮᠠᠨ ᠵᠣᠪᠬᠢᠰ  ᠠᠴᠠ ᠬᠦᠷᠦᠯᠴᠡᠨ ᠢᠷᠡᠵᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠪᠠᠶᠠᠷᠲᠤ ᠠᠭᠤᠷ ᠠᠮᠢᠰᠬᠤᠯ ᠢ ᠬᠠᠮᠲᠤ ᠪᠠᠷ ᠮᠡᠳᠡᠷᠡᠪᠡ᠃ ᠬᠥᠮᠦᠰ ᠬᠠᠮᠤᠭ ᠤᠨ ᠤᠯᠠᠮᠵᠢᠯᠠᠯᠲᠤ᠂ ᠬᠠᠮᠤᠭ ᠤᠨ ᠣᠷᠣᠨ ᠨᠤᠲᠤᠭ ᠤᠨ ᠣᠨᠴᠠᠯᠢᠭ  ᠲᠠᠢ ᠲᠣᠭᠯᠠᠯᠲᠠ ᠶᠢᠨ ᠬᠡᠯᠪᠡᠷᠢ ᠪᠠᠷ ᠰᠠᠶᠢᠨ ᠰᠠᠶᠢᠬᠠᠨ ᠴᠠᠭ ᠦᠶ᠎ᠡ ᠶᠢ ᠮᠠᠭᠲᠠᠨ ᠳᠠᠭᠤᠯᠠᠵᠤ᠂ ᠰᠢᠨ᠎ᠡ ᠨᠢᠭᠡ ᠵᠢᠯ  ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠬᠡᠵᠦ᠂ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠤᠨ ᠬᠦᠰᠡᠯ ᠡᠷᠡᠮᠡᠯᠵᠡᠯ ᠪᠠ ᠬᠥᠭᠡᠭᠡᠴᠡᠯᠳᠦᠯ ᠢᠶᠠᠨ ᠢᠯᠡᠳᠬᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号