2 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠶᠡᠷᠡ ᠶᠢᠰᠦᠳᠦᠭᠡᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠶᠡᠷᠦᠩᠬᠡᠶ ᠱᠦᠵᠢ | ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ | ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ | ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠬᠢᠨᠠᠨ ᠪᠤᠳᠤᠬᠤ | ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠬᠢᠨᠠᠨ ᠪᠤᠳᠤᠬᠤ ᠠᠵᠢᠯ ᠢ ᠰᠢᠨᠵᠢᠯᠡᠬᠦ | ᠤᠬᠠᠭᠠᠨᠴᠢ ᠪᠠᠷ ᠥᠷᠨᠢᠭᠦᠯᠦᠨ᠂ ᠴᠢᠨᠠᠷ ᠰᠠᠶᠢᠲᠠᠢ ᠬᠢᠨᠠᠨ ᠪᠤᠳᠤᠬᠤ ᠬᠢᠨᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠵᠤ ᠳᠠᠬᠢᠨ | ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠶᠢᠳᠠᠪᠤᠷᠢᠵᠢᠭᠤᠯᠵᠤ ᠳᠠᠬᠢᠨ ᠨᠠᠶᠢᠳᠠᠪᠤᠷᠢᠵᠢᠭᠤᠯᠵᠤ᠂ ︽ | ᠭᠤᠷᠪᠠᠨ ᠳᠡᠪᠲᠡᠷ ᠨᠠᠷᠢᠨ ᠳᠠᠩᠰᠠ︾ ᠶᠢᠨ ᠡᠯ᠎ᠡ ᠵᠦᠶᠯ ᠤᠨ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ | ᠰᠠᠶᠢᠲᠤᠷ ᠠᠬᠢᠭᠤᠯᠵᠤ᠂ ᠭᠤᠤᠯᠳᠠᠯᠭ᠎ᠠ ᠲᠠᠢ ᠠᠵᠢᠯ ᠤᠨ ᠦᠷ᠎ᠡ ᠪᠦᠲᠦᠮᠵᠢ ᠲᠠᠢ᠂ ᠭᠢᠯᠠᠰ ᠴᠡᠭ ᠣᠨ ᠠᠵᠢᠯ ᠤᠨ | ᠣᠨᠴᠠᠯᠢᠭ ᠲᠠᠢ᠂ ᠬᠦᠴᠢᠷᠲᠡᠶ ᠠᠵᠢᠯ ᠤᠨ ᠰᠢᠪᠲᠤᠯᠤᠯᠲᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠬᠦᠴᠢᠷ | ᠢ ᠲᠤᠭᠤᠯᠤᠨ ᠪᠡᠷᠬᠡ ᠶᠢ ᠳᠠᠪᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠵᠤ᠂ | ᠬᠠᠷᠢᠭᠤᠴᠠᠯᠭ᠎ᠠ ᠲᠤᠯᠭᠠᠬᠤ ᠦᠷ᠎ᠡ ᠪᠦᠲᠦᠮᠵᠢ ᠶᠢ ᠠᠰᠠᠭᠤᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ︽ᠲᠠᠪᠤᠨ | ᠶᠡᠭᠡ ᠡᠭᠦᠷᠭᠡ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ | ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠵᠣᠬᠢᠶᠠᠨ ᠪᠠᠶᠢᠭᠤᠯᠤᠨ | ᠥᠷᠨᠢᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠴᠢᠩᠭ᠎ᠠ | ᠠᠳᠬᠤᠵᠤ᠂ ᠤᠳᠤᠷᠢᠳᠬᠤ ᠪᠠᠭ ᠤᠨ ᠪᠠᠶᠢᠭᠤᠯᠤᠯᠲᠠ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ | ᠲᠠᠰᠤᠷᠠᠯᠲᠠ ᠥᠬᠡᠶ ᠴᠢᠩᠭᠠᠳᠬᠠᠵᠤ᠂ ︽ᠪᠠᠬᠢᠵᠢᠭᠦᠯᠦᠨ ᠳᠡᠭᠡᠭᠰᠢᠯᠡᠭᠦᠯᠬᠦ ᠳᠠᠶᠢᠯᠠᠯᠳᠤᠭᠠᠨ︾ ᠢ ᠰᠠᠶᠢᠲᠤᠷ ᠬᠢᠵᠦ᠂ | ᠡᠯ᠎ᠡ ᠵᠦᠶᠯ ᠤᠨ ᠠᠵᠢᠯ ᠤᠨ ︽ᠲᠠᠰ ᠳᠡᠪᠰᠢᠭᠰᠡᠨ ᠬᠡᠪ︾ ᠢ ᠴᠣᠭᠴᠠᠯᠠᠵᠤ᠂ 2025 ᠣᠨ ᠤ ︽ᠰᠠᠶᠢᠨ | ᠡᠬᠢᠯᠡᠯᠲᠡ ᠲᠠᠢ᠂ ᠪᠥᠬᠦ ᠵᠢᠯ ᠤᠨ ᠢᠯᠠᠯᠲᠠ︾ ᠶᠢ ᠴᠢᠷᠮᠠᠶᠢᠨ ᠪᠡᠶᠡᠯᠡᠭᠦᠯᠦᠨ᠎ᠡ᠃ | ᠪᠠᠶᠢᠩᠭᠤ ᠶᠢᠨ ᠬᠤᠷᠢᠶᠠᠨ ᠤ ᠬᠤᠷᠠᠯ ᠲᠡᠭᠦᠰᠦᠭᠰᠡᠨ ᠤ ᠲᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃ |