ᠲᠥᠬᠦᠭᠡᠷᠦᠮᠵᠢᠲᠦ ᠲᠠᠷᠢᠶᠠᠯᠠᠩ ᠤᠨ ᠠᠮᠢ ᠠᠬᠤᠶ ᠶᠢᠨ ᠬᠦᠷᠢᠶᠡᠯᠡᠩ ᠨᠢ ᠤᠷᠤᠯᠭ᠎ᠠ ᠶᠢ ᠨᠡᠮᠡᠭᠳᠡᠭᠦᠯᠦᠨ ᠪᠠᠶᠠᠵᠢᠯ ᠤᠨ ᠵᠠᠮ ᠢ ᠦᠷᠭᠡᠳᠭᠡᠨ᠎ᠡ
ᠨᠡᠶᠢᠲᠡᠯᠡᠭᠰᠡᠨ ᠴᠠᠭ᠄
2025/2/15
   ᠤᠯᠤᠰ ᠤᠨ 3 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠭᠰᠠᠨ ᠤ ᠬᠤᠪᠢ ᠳᠤ᠂ ᠤᠯᠤᠰ  ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠬᠤ ᠲᠦᠴᠢᠦᠸᠠᠨ ᠰᠢᠶᠠᠨ ᠤ ᠰᠠᠶᠢᠨᠬᠤᠸᠠᠷ ᠣᠲᠣ ᠦᠶ᠎ᠡ ᠶᠢᠨ ᠲᠠᠷᠢᠶᠠᠯᠠᠩ ᠤᠨ ᠠᠮᠢ ᠠᠬᠤᠶ ᠶᠢᠨ ᠬᠦᠷᠢᠶᠡᠯᠡᠩ ᠲᠣᠭᠤᠷᠢᠭ ᠨᠢ 2013 ᠣᠨ ᠠᠴᠠ ᠡᠬᠢᠯᠡᠨ ᠠᠰᠢᠭᠯᠠᠯᠲᠠ ᠳᠤ ᠣᠷᠣᠵᠤ᠂ ︽ᠰᠢᠨ᠎ᠡ ᠲᠠᠷᠢᠶᠠᠴᠢᠨ + ᠰᠢᠨ᠎ᠡ ᠠᠵᠤ ᠦᠶᠯᠡᠰ + ᠰᠢᠨ᠎ᠡ ᠵᠠᠭᠪᠤᠷ︾ ᠢᠶᠠᠷ ᠬᠥᠭᠵᠢᠯᠲᠡ ᠶᠢᠨ ᠰᠡᠳᠬᠢᠴᠡ ᠪᠣᠯᠭᠠᠬᠤ ᠶᠢ ᠪᠠᠷᠢᠮᠲᠠᠯᠠᠨ᠂ ᠲᠦᠭᠦᠭᠡᠷᠦᠮᠵᠢᠳᠤ ᠲᠠᠷᠢᠶᠠᠯᠠᠩ ᠢ ᠶᠡᠭᠡ ᠪᠠᠷ ᠬᠥᠭᠵᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠪᠡ᠃
   ᠲᠦᠴᠢᠦᠸᠠᠨ ᠰᠢᠶᠠᠨ ᠤ ᠰᠠᠶᠢᠨᠬᠤᠸᠠᠷ ᠤᠳᠤ ᠦᠶ᠎ᠡ ᠶᠢᠨ ᠲᠠᠷᠢᠶᠠᠯᠠᠩ ᠤᠨ ᠠᠮᠢ ᠠᠬᠤᠢ ᠶᠢᠨ ᠬᠦᠷᠢᠶᠡᠯᠡᠩ ᠲᠣᠭᠤᠷᠢᠭ ᠲᠤ᠂ ᠨᠣᠭᠤᠭ᠎ᠠ ᠶᠢᠨ ᠲᠠᠷᠢᠬᠴᠢᠳ ᠶᠠᠭ ᠰᠠᠶᠢᠬᠠᠨ ᠪᠦᠭᠡᠷᠡᠩᠬᠡᠢ ᠰᠣᠩᠭᠢᠨ᠎ᠠ ᠶᠢᠨ ᠲᠠᠷᠢᠶᠠᠨ ᠳᠠᠬᠢ ᠪᠤᠵᠠᠷ ᠡᠪᠡᠰᠦ ᠶᠢ ᠴᠡᠪᠡᠷᠯᠡᠵᠦ ᠶᠠᠭᠠᠷᠠᠨ᠎ᠠ᠃ ᠲᠠᠷᠢᠮᠠᠯ ᠤᠨ ᠡᠷᠦᠬᠡ ᠽᠦ ᠶᠢᠦ ᠱᠧᠩ ᠡᠨᠡ ᠵᠢᠯ 76 ᠨᠠᠰᠤᠲᠠᠶ᠂ ᠨᠢᠭᠡᠨᠲᠡ 11 ᠵᠢᠯ ᠳᠠᠷᠠᠭᠠᠯᠠᠨ ᠵᠠᠬᠢᠶᠠᠯᠠᠭ᠎ᠠ ᠶᠢᠨ ᠪᠦᠭᠡᠷᠡᠩᠬᠡᠢ ᠰᠣᠩᠭᠢᠨ᠎ᠠ ᠶᠢᠨ ᠴᠢᠬᠢ ᠲᠠᠷᠢᠪᠠ᠃    ︽ᠪᠢ 10 ᠭᠠᠷᠤᠶ ᠵᠢᠯ ᠤᠨ ᠪᠦᠭᠡᠷᠡᠩᠬᠡᠢ ᠰᠣᠩᠭᠢᠨ᠎ᠠ ᠶᠢᠨ ᠴᠢᠬᠢ ᠳᠠᠷᠢᠵᠠᠶ᠂ ᠡᠨᠡ ᠨᠢ ᠬᠠᠮᠢᠶᠠᠷᠬᠤ ᠳᠤ ᠮᠠᠰᠢ ᠠᠮᠠᠷᠬᠠᠨ᠂ ᠪᠤᠵᠠᠷ ᠡᠪᠡᠰᠦ ᠦᠭᠲᠡᠭᠡᠵᠦ᠂ ᠤᠰᠤᠯᠠᠪᠠᠯ ᠪᠤᠯᠴᠢᠬᠠᠨ᠎ᠠ᠂ ᠲᠡᠷᠡ ᠮᠥᠷᠲᠡᠭᠡᠨ ᠦᠷ᠎ᠡ ᠪᠠ ᠳᠠᠷᠢᠬᠤ ᠮᠡᠷᠭᠡᠵᠢᠯ ᠢ ᠴᠥᠮ ᠺᠣᠮᠫᠠᠨᠢ ᠠᠴᠠ ᠬᠠᠩᠭᠠᠭᠰᠠᠨ ᠶᠤᠮ᠂ ᠣᠨᠴᠠᠭᠠᠶ ᠰᠠᠨᠠᠭ᠎ᠠ ᠠᠮᠤᠷ᠂ ᠨᠠᠳᠠ ᠰᠢᠭ ᠨᠠᠰᠤ ᠠᠬᠢᠭᠰᠠᠨ ᠬᠥᠮᠦᠨ ᠵᠢᠯ ᠳᠤ ᠨᠢᠭᠡ ᠫᠧᠩ ᠠᠴᠠ 1 ᠲᠦᠮᠡᠨ ᠲᠥᠭᠦᠷᠢᠭ ᠤᠨ ᠣᠷᠣᠯᠭ᠎ᠠ ᠤᠯᠤᠨ᠎ᠠ᠃︾ ᠭᠡᠵᠦ ᠲᠠᠷᠢᠮᠠᠯ ᠤᠨ ᠡᠷᠦᠬᠡ ᠽᠦ ᠶᠢᠦ ᠱᠧᠩ ᠬᠡᠯᠡᠪᠡ᠃
   ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠵᠤ᠂ ᠬᠦᠷᠢᠶᠡᠯᠡᠩ ᠲᠣᠭᠤᠷᠢᠭ ᠤᠨ ᠢᠳᠡᠰᠢᠨ ᠨᠣᠭᠤᠭ᠎ᠠ ᠲᠠᠷᠢᠬᠤ ᠬᠡᠪᠴᠢᠶ᠎ᠡ ᠶᠢ ᠥᠷᠭᠡᠳᠬᠡᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ 2014 ᠣᠨ ᠳᠤ᠂ ᠲᠦᠴᠢᠦᠸᠠᠨ ᠰᠢᠶᠠᠨ ᠤ ᠰᠠᠶᠢᠨᠬᠤᠸᠠᠷ ᠣᠳᠣ ᠦᠶ᠎ᠡ ᠶᠢᠨ ᠲᠠᠷᠢᠶᠠᠯᠠᠩ ᠤᠨ ᠠᠮᠢ ᠠᠬᠤᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠪᠦᠭᠡᠷᠡᠩᠬᠡᠢ ᠰᠣᠩᠭᠢᠨ᠎ᠠ ᠶᠢᠨ ᠴᠢᠬᠢ  ᠶᠢᠨ ᠵᠠᠬᠢᠶᠠᠯᠠᠭ᠎ᠠ ᠶᠢᠨ ᠲᠠᠷᠢᠮᠠᠯ ᠤᠨ ᠵᠠᠭᠪᠤᠷ ᠢ ᠣᠷᠣᠭᠤᠯᠪᠠ᠃ ᠪᠥᠭᠡᠷᠡᠩᠬᠡᠶ ᠰᠣᠩᠭᠢᠨ᠎ᠠ ᠶᠢᠨ ᠴᠢᠬᠢ ᠳᠠᠷᠢᠬᠤ ᠴᠠᠭ  ᠨᠢ ᠣᠬᠤᠷ᠂ ᠦᠷ᠎ᠡ ᠪᠦᠲᠦᠮᠵᠢ ᠤᠯᠬᠤ ᠨᠢ ᠲᠦᠷᠭᠡᠨ᠂ ᠬᠠᠮᠢᠶᠠᠷᠬᠤ ᠳᠤ ᠲᠥᠬᠦᠮ᠂ ᠤᠨᠠᠯᠲᠠ ᠨᠢ ᠥᠨᠳᠥᠷ᠂ ᠪᠣᠷᠣᠯᠠᠭᠤᠯᠭ᠎ᠠ ᠶᠢᠨ ᠵᠠᠮ ᠨᠢ ᠲᠣᠭᠲᠠᠭᠤᠨ ᠤᠴᠢᠷ ᠠᠴᠠ ᠬᠤᠷᠢᠶᠠᠬᠤ ᠦᠨ᠎ᠡ ᠨᠢ ᠰᠠᠶᠢᠨ ᠦᠷ᠎ᠡ ᠠᠰᠢᠭ ᠨᠢ ᠥᠨᠳᠥᠷ᠂ ᠬᠥᠳᠡᠯᠮᠦᠷᠢ ᠬᠦᠴᠦ ᠨᠢ ᠳᠣᠤᠷ᠎ᠠ ᠲᠠᠷᠢᠶᠠᠴᠢᠨ ᠡᠷᠦᠬᠡ ᠳᠠᠷᠢᠬᠤ ᠳᠤ ᠮᠠᠰᠢ ᠲᠣᠬᠢᠷᠠᠮᠵᠢᠲᠠᠶ᠂ ᠣᠲᠣ ᠪᠥᠭᠡᠷᠡᠩᠬᠡᠶ ᠰᠣᠩᠭᠢᠨ᠎ᠠ ᠶᠢᠨ ᠴᠢᠬᠢ ᠳᠠᠷᠢᠬᠤ ᠨᠢ ᠨᠢᠭᠡᠨᠲᠡ ᠬᠦᠷᠢᠶᠡᠯᠡᠩ ᠲᠣᠭᠤᠷᠢᠭ ᠤᠨ ᠠᠵᠤ ᠦᠶᠯᠡᠰ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠰᠠᠶᠢᠨ ᠵᠠᠮ ᠪᠣᠯᠤᠭᠰᠠᠨ ᠪᠠᠶᠢᠨ᠎ᠠ᠃
   ︽ᠡᠨᠡ ᠵᠢᠯ ᠬᠦᠷᠢᠶᠡᠯᠡᠩ ᠲᠣᠭᠤᠷᠢᠭ ᠨᠡᠶᠢᠲᠡ 150 ᠫᠧᠩ ᠤᠨ ᠪᠥᠭᠡᠷᠡᠩᠬᠡᠶ ᠰᠣᠩᠭᠢᠨ᠎ᠠ ᠶᠢᠨ ᠴᠢᠬᠢ ᠳᠠᠷᠢᠵᠤ ᠂ ᠫᠧᠩ ᠪᠦᠷᠢ ᠳᠤ 660 ᠲᠡᠭᠰᠢ ᠳᠥᠷᠪᠡᠯᠵᠢᠨ ᠮᠧᠲᠷ ᠳᠠᠷᠢᠵᠤ᠂ ᠬᠤᠷᠢᠶᠠᠨ ᠠᠪᠬᠤ ᠦᠨ᠎ᠡ ᠨᠢ ᠲᠡᠭᠰᠢ ᠳᠥᠷᠪᠡᠯᠵᠢᠨ ᠮᠧᠲᠷ ᠪᠦᠷᠢ ᠳᠤ 17 ᠲᠥᠭᠦᠷᠢᠭ᠂ 3 ᠰᠠᠷ᠎ᠠ ᠭᠠᠷᠤᠶ ᠶᠢᠨ ᠬᠤᠭᠤᠴᠠᠭᠠᠨ ᠳᠤ ᠫᠧᠩ ᠪᠦᠷᠢ ᠶᠢᠨ ᠣᠷᠣᠯᠭ᠎ᠠ ᠨᠢ 1.1 ᠲᠦᠮᠡᠨ ᠲᠥᠭᠦᠷᠢᠭ ᠲᠤ ᠬᠦᠷᠴᠦ᠂ ᠡᠨᠡ ᠵᠢᠯ ᠬᠦᠷᠢᠶᠡᠯᠡᠩ ᠲᠣᠭᠤᠷᠢᠭ ᠤᠨ 80 ᠭᠠᠷᠤᠶ ᠡᠷᠦᠬᠡ ᠪᠥᠭᠡᠷᠡᠩᠬᠡᠶ ᠰᠣᠩᠭᠢᠨ᠎ᠠ ᠶᠢᠨ ᠴᠢᠬᠢ ᠳᠠᠷᠢᠪᠠ᠃︾ ᠭᠡᠵᠦ ᠲᠦᠴᠢᠦᠸᠠᠨ ᠰᠢᠶᠠᠨ ᠤ ᠰᠠᠶᠢᠨᠬᠤᠸᠠᠷ ᠤᠳᠤ ᠦᠶ᠎ᠡ ᠶᠢᠨ ᠲᠠᠷᠢᠶᠠᠯᠠᠩ ᠤᠨ ᠠᠮᠢ ᠠᠬᠤᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠹᠧᠩ ᠰᠢᠶᠠᠨ ᠬᠡᠯᠡᠪᠡ᠃    191 ᠨᠣᠮᠧᠷᠲᠤ ᠬᠦᠯᠡᠮᠵᠢ ᠳᠤ ᠳᠤᠯᠠᠭᠠᠨ ᠴᠢᠭᠢᠭᠯᠢᠭ ᠠᠭᠠᠷ ᠳᠣᠲᠣᠷ᠎ᠠ ᠭᠦᠵᠡᠯᠵᠡᠭᠡᠨ᠎ᠡ ᠶᠢᠨ ᠠᠩᠬᠢᠯᠤᠮ᠎ᠠ ᠦᠨᠦᠷ ᠬᠠᠩᠬᠤᠯᠵᠤ᠂ ᠨᠢᠭᠡ ᠨᠢᠭᠡ ᠮᠦᠷ ᠭᠦᠵᠡᠯᠵᠡᠭᠡᠨ᠎ᠡ ᠶᠢᠨ ᠵᠡᠯ᠎ᠡ ᠳᠡᠭᠡᠷ᠎ᠡ ᠴᠠᠭᠠᠨ ᠥᠩᠭᠡ ᠶᠢᠨ ᠵᠢᠵᠢᠭ ᠴᠡᠴᠡᠭ ᠮᠢᠷᠠᠯᠵᠠᠨ ᠳᠡᠯᠭᠡᠷᠡᠵᠦ᠂ ᠣᠪ ᠤᠯᠠᠭᠠᠨ ᠭᠦᠵᠡᠯᠵᠡᠭᠡᠨ᠎ᠡ ᠭᠤᠶᠣ ᠰᠠᠶᠢᠬᠠᠨ ᠬᠠᠷᠠᠭᠳᠠᠨ᠎ᠠ᠃ ᠲᠠᠷᠢᠮᠠᠯ ᠤᠨ ᠡᠷᠦᠬᠡ ᠰᠢᠤᠢ ᠬᠤᠩ ᠵᠢᠶᠠᠨ ᠭᠦᠵᠡᠯᠵᠡᠭᠡᠨ᠎ᠡ ᠶᠢᠨ ᠴᠢᠬᠢ ᠶᠢ ᠠᠷᠠᠴᠢᠯᠠᠵᠤ ᠶᠠᠭᠠᠷᠠᠨ᠎ᠠ᠃
   ︽ᠡᠨᠡ ᠵᠢᠯ 1 ᠫᠧᠩ ᠭᠦᠵᠡᠯᠵᠡᠭᠡᠨ᠎ᠡ ᠲᠠᠷᠢᠪᠠ᠂ ᠡᠨᠡ ᠪᠣᠯ ᠬᠤᠩ ᠶᠠᠨ ᠤ ᠶᠢᠰᠦ ᠶᠢᠰᠦ᠂ ᠴᠢᠬᠢ ᠶᠢ ᠪᠦᠷ ᠳ᠋ᠠᠨ ᠳ᠋ᠦᠩ ᠠᠴᠠ ᠣᠷᠣᠭᠤᠯᠤᠭᠰᠠᠨ ᠶᠤᠮ᠂ ᠤᠷᠭᠤᠴᠠ ᠮᠠᠰᠢ ᠰᠠᠶᠢᠨ᠂ ᠣᠳᠣ ᠵᠢᠭᠤᠯᠴᠢᠳ ᠪᠠᠰᠠ ᠮᠠᠰᠢ ᠣᠯᠠᠨ᠂ ᠡᠳᠦᠷ ᠪᠦᠷᠢ 20 ᠭᠠᠷᠤᠶ ᠪᠦᠯᠦᠭ ᠪᠠᠶᠢᠨ᠎ᠠ᠃︾ ᠭᠡᠵᠦ ᠲᠠᠷᠢᠮᠠᠯ ᠤᠨ ᠡᠷᠦᠬᠡ ᠰᠢᠤᠢ ᠬᠤᠩ ᠵᠢᠶᠠᠨ ᠬᠡᠯᠡᠪᠡ᠃    ᠰᠢᠨ᠎ᠡ ᠵᠢᠯ ᠠᠴᠠ ᠡᠬᠢᠯᠡᠨ᠂ ᠰᠢᠤᠢ ᠬᠤᠩ ᠵᠢᠶᠠᠨ ᠤ ᠭᠦᠵᠡᠯᠵᠡᠭᠡᠨ᠎ᠡ ᠪᠣᠯᠪᠠᠰᠤᠷᠠᠨ ᠡᠬᠢᠯᠡᠵᠦ᠂ ᠴᠥᠭᠡᠨ ᠪᠤᠰᠤ ᠵᠤᠭᠠᠴᠠᠭᠰᠠᠳ ᠰᠠᠶᠢᠨ ᠰᠠᠶᠢᠬᠠᠨ ᠴᠠᠭ ᠠᠭᠤᠷ ᠢ ᠠᠮᠵᠢᠵᠤ ᠰᠢᠨ᠎ᠡ ᠰᠣᠷᠭᠤᠭ ᠭᠦᠵᠡᠯᠵᠡᠭᠡᠨ᠎ᠡ ᠲᠡᠭᠦᠵᠦ᠂ ᠰᠢᠨ᠎ᠡ ᠰᠣᠷᠭᠤᠭ ᠭᠦᠵᠡᠯᠵᠡᠭᠡᠨ᠎ᠡ ᠶᠢ ᠠᠮᠲᠠᠯᠠᠬᠤ ᠶᠢᠨ ᠬᠠᠮᠲᠤ᠂ ᠪᠠᠰᠠ ᠬᠥᠳᠡᠭᠡ ᠨᠤᠲᠤᠭ ᠤᠨ ᠦᠩᠭᠡ ᠦᠵᠡᠮᠵᠢ ᠶᠢ ᠰᠣᠨᠢᠷᠬᠠᠪᠠ᠃    ︽ᠵᠢᠯ ᠪᠣᠯᠭᠠᠨ ᠭᠦᠵᠡᠯᠵᠡᠭᠡᠨ᠎ᠡ ᠵᠠᠬ᠎ᠠ ᠳᠡᠯᠭᠡᠭᠦᠷ ᠲᠤ ᠭᠠᠷᠬᠤ ᠦᠶᠡᠰ ᠪᠢ ᠪᠦᠷ ᠢᠷᠡᠵᠦ ᠲᠡᠭᠦᠳᠡᠭ᠂ ᠡᠨᠡ ᠭᠦᠵᠡᠯᠵᠡᠭᠡᠨ᠎ᠡ ᠲᠣᠮᠣ ᠮᠥᠷᠲᠡᠭᠡᠨ ᠰᠢᠬᠢᠷᠯᠢᠭ᠂ ᠭᠡᠷ ᠤᠨ ᠬᠥᠮᠦᠰ ᠪᠦᠷ ᠢᠳᠡᠬᠦ ᠳᠤᠷᠠᠲᠠᠶ᠂ ᠲᠡᠷᠡ ᠮᠥᠷᠲᠡᠭᠡᠨ ᠮᠠᠨ  ᠤ ᠲᠤᠬᠠᠶ ᠶᠢᠨ ᠭᠠᠵᠠᠷ ᠤᠨ ᠲᠠᠷᠢᠭᠰᠠᠨ ᠢᠳᠡᠭᠡᠨ ᠪᠤᠯᠬᠤᠷ ᠰᠠᠨᠠᠭ᠎ᠠ ᠠᠮᠤᠷ᠃︾ ᠭᠡᠵᠦ ᠵᠢᠭᠤᠯᠴᠢᠯᠠᠭᠴᠢ ᠮᠠ ᠶᠠᠨ ᠹᠸᠢ ᠬᠡᠯᠡᠵᠡᠶ᠃    ᠬᠦᠯᠡᠮᠵᠢ ᠲᠠᠷᠢᠭᠰᠠᠨ ᠰᠢᠯᠲᠠᠭᠠᠨ ᠢ ᠶᠠᠷᠢᠬᠤ ᠳᠤ᠂ ᠰᠢᠤᠢ ᠬᠤᠩ ᠵᠢᠶᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠩᠭᠡᠷᠡᠭᠰᠡᠨ ᠳᠤ ᠲᠡᠷᠡ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠨᠢᠭᠡ ᠵᠢᠯ ᠤᠨ ᠣᠯᠤᠭᠰᠠᠨ ᠵᠣᠭᠤᠰ ᠨᠢ ᠵᠥᠪᠬᠡᠨ ᠡᠳᠦᠷ ᠲᠤᠲᠤᠮ ᠤᠨ ᠵᠠᠷᠤᠯᠭ᠎ᠠ ᠳᠠᠭᠠᠨ ᠬᠦᠷᠬᠦ ᠪᠥᠭᠡᠳ ᠪᠠᠰᠠ ᠡᠵᠢ ᠪᠠᠨ ᠬᠠᠷᠠᠭᠠᠯᠵᠠᠵᠤ ᠳᠡᠶᠢᠯᠬᠦ ᠦᠭᠡᠢ ᠪᠠᠶᠢᠪᠠ᠃ 2013 ᠣᠨ ᠳᠤ᠂ ᠲᠦᠴᠢᠦᠸᠠᠨ ᠰᠢᠶᠠᠨ ᠤ ᠰᠠᠶᠢᠨᠬᠤᠸᠠᠷ ᠤᠳᠤ ᠦᠶ᠎ᠡ ᠶᠢᠨ ᠲᠠᠷᠢᠶᠠᠯᠠᠩ ᠤᠨ ᠠᠮᠢ ᠠᠬᠤᠢ ᠶᠢᠨ ᠬᠦᠷᠢᠶᠡᠯᠡᠩ ᠲᠣᠭᠤᠷᠢᠭ ᠠᠰᠢᠭᠯᠠᠯᠲᠠ ᠳᠤ ᠣᠷᠣᠵᠤ᠂ ᠲᠡᠷᠡ ᠬᠦᠷᠢᠶᠡᠯᠡᠩ ᠲᠣᠭᠤᠷᠢᠭ ᠲᠤ ᠨᠡᠭᠦᠨ ᠣᠴᠢᠵᠤ ᠶᠡᠭᠡ ᠬᠦᠯᠡᠮᠵᠢ ᠶᠢ ᠳᠠᠭᠠᠭᠠᠴᠢᠯᠠᠨ ᠭᠦᠵᠡᠯᠵᠡᠭᠡᠨ᠎ᠡ᠂ ᠠᠮᠲᠠᠲᠤ ᠬᠡᠮᠬᠡ᠂ ᠲᠣᠰᠣᠯᠢᠭ ᠲᠤᠭᠤᠷ ᠵᠡᠷᠭᠡ ᠶᠢ ᠲᠠᠷᠢᠵᠤ᠂ ᠣᠷᠣᠯᠭ᠎ᠠ ᠨᠢ ᠨᠡᠯᠢᠶᠡᠳ ᠵᠦᠭᠡᠷ᠂ ᠠᠮᠢᠳᠤᠷᠠᠯ ᠨᠢ ᠴᠦ ᠶᠠᠪᠤᠬᠤ ᠲᠤᠳᠤᠮ ᠰᠠᠶᠢᠵᠢᠷᠠᠵᠤ ᠪᠠᠶᠢᠨ᠎ᠠ᠃    ︽ᠭᠦᠵᠡᠯᠵᠡᠭᠡᠨ᠎ᠡ ᠳᠠᠷᠢᠬᠤ ᠠᠴᠠ ᠭᠠᠳᠠᠨ᠎ᠠ᠂ ᠪᠠᠰᠠ ᠲᠣᠰᠣᠨ ᠲᠣᠭᠤᠷ᠂ ᠠᠮᠲᠠᠲᠤ ᠬᠡᠮᠬᠡ᠂ ᠵᠢᠵᠢᠭ ᠱᠠᠪᠲᠠᠯ᠎ᠠ ᠳᠠᠷᠢᠵᠤ᠂ ᠵᠣᠨ ᠤ ᠤᠯᠠᠷᠢᠯ ᠳᠤ ᠪᠠᠰᠠ ᠢᠳᠡᠰᠢᠨ ᠨᠣᠭᠤᠭ᠎ᠠ ᠳᠠᠷᠢᠵᠤ᠂ ᠮᠠᠨ ᠤ ᠬᠢᠨ ᠵᠢᠯ ᠤᠨ ᠳᠥᠷᠪᠡᠨ ᠤᠯᠠᠷᠢᠯ  ᠳᠤ ᠴᠥᠮ ᠵᠢᠮᠢᠰ ᠲᠡᠭᠦᠵᠦ᠂ ᠵᠢᠯ ᠤᠨ ᠣᠷᠣᠯᠭ᠎ᠠ ᠶᠢ ᠪᠤᠳᠤᠪᠠᠯ 10 ᠲᠦᠮᠡ ᠣᠷᠴᠢᠮ ᠪᠣᠯᠤᠨ᠎ᠠ᠃︾ ᠭᠡᠵᠦ ᠲᠠᠷᠢᠮᠠᠯ ᠤᠨ ᠡᠷᠦᠬᠡ ᠰᠢᠤᠢ ᠬᠤᠩ ᠵᠢᠶᠠᠨ ᠬᠡᠯᠡᠪᠡ᠃    ᠵᠠᠳᠠᠭᠠᠶ ᠭᠠᠵᠠᠷ ᠲᠤ ᠪᠦᠳᠦᠭᠦᠯᠢᠭ ᠲᠠᠷᠢᠵᠦ ᠪᠠᠶᠢᠭᠰᠠᠨ ᠠᠴᠠ ᠲᠣᠮᠣ ᠫᠧᠩ ᠤᠨ ᠨᠠᠷᠢᠯᠢᠭ ᠬᠠᠮᠢᠶᠠᠷᠤᠯᠲᠠ ᠬᠦᠷᠲᠡᠯ᠎ᠡ᠂ ᠥᠪᠡᠷ ᠢ ᠪᠠᠨ ᠥᠪᠡᠷ ᠢᠶᠠᠨ ᠬᠠᠩᠭᠠᠬᠤ ᠪᠠᠶᠢᠭᠠᠯᠢ ᠶᠢᠨ ᠠᠵᠤ ᠠᠬᠤᠶ ᠠᠴᠠ ᠣᠷᠣᠯᠭ᠎ᠠ ᠪᠠᠨ ᠨᠡᠮᠡᠭᠳᠡᠭᠦᠯᠵᠦ ᠪᠡᠶᠡᠵᠢᠨ ᠴᠢᠨᠡᠭᠡᠯᠢᠭᠵᠢᠬᠦ ᠥᠪᠡᠷᠮᠢᠴᠡ ᠣᠨᠴᠠᠯᠢᠭ ᠲᠠᠢ ᠠᠵᠤ ᠦᠶᠯᠡᠰ ᠬᠦᠷᠲᠡᠯ᠎ᠡ…… ᠲᠦᠴᠢᠦᠸᠠᠨ ᠰᠢᠶᠠᠨ ᠤ ᠰᠠᠶᠢᠨᠬᠤᠸᠠᠷ ᠣᠲᠣ ᠦᠶ᠎ᠡ ᠶᠢᠨ ᠲᠠᠷᠢᠶᠠᠯᠠᠩ ᠤᠨ ᠠᠮᠢ ᠠᠬᠤᠶ ᠶᠢᠨ ᠬᠦᠷᠢᠶᠡᠯᠡᠩ ᠲᠣᠭᠤᠷᠢᠭ ᠨᠢ ᠣᠲᠣ ᠶᠢᠨ ᠡᠬᠢ ᠪᠠᠶᠠᠯᠢᠭ ᠤᠨ ᠳᠠᠪᠠᠭᠤᠯᠢᠭ ᠪᠠ ᠢᠳᠡᠰᠢᠨ ᠨᠣᠭᠤᠭ᠎ᠠ ᠳᠠᠷᠢᠬᠤ ᠤᠯᠠᠮᠵᠢᠯᠠᠯᠲᠤ ᠳᠠᠪᠠᠭᠤᠯᠢᠭ ᠲᠠᠭᠠᠨ ᠰᠠᠭᠤᠷᠢᠯᠠᠵᠤ᠂ ︽ᠠᠵᠤ ᠦᠶᠯᠡᠰ ᠢᠶᠠᠷ ᠠᠷᠠᠳ ᠢᠶᠠᠨ ᠪᠠᠶᠠᠵᠢᠭᠤᠯᠬᠤ︾ ᠶᠢ ᠬᠥᠳᠡᠭᠡ ᠲᠣᠰᠬᠤᠨ ᠤ ᠠᠵᠤ ᠠᠬᠤᠶ ᠶᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠬᠦᠯᠡᠮᠵᠢ︾ ᠤᠨ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠪᠠᠨ ᠨᠡᠮᠡᠭᠳᠡᠭᠦᠯᠵᠦ ᠪᠡᠶᠡᠵᠢᠨ ᠴᠢᠨᠡᠭᠡᠯᠢᠭᠵᠢᠬᠦ ᠪᠣᠬᠢᠷᠲᠤᠯ ᠥᠬᠡᠶ ᠬᠥᠭᠵᠢᠯᠲᠡ ᠶᠢᠨ ᠵᠠᠮ ᠢ ᠨᠡᠭᠡᠭᠡᠵᠦ᠂ ︽ᠬᠦᠯᠡᠮᠵᠢ ᠶᠢᠨ ᠠᠵᠤ ᠠᠬᠤᠶ︾ ᠪᠠᠷ ᠤᠨᠴᠠᠯᠢᠬᠳᠤ ᠠᠵᠤ ᠦᠶᠯᠡᠰ  ᠢ ᠬᠥᠭᠵᠢᠭᠦᠯᠦᠨ ᠮᠠᠨᠳᠤᠭᠤᠯᠬᠤ ᠰᠢᠨ᠎ᠡ ᠰᠢᠯᠭᠠᠯᠲᠠ ᠶᠢᠨ ᠬᠠᠭᠤᠳᠠᠰᠤ ᠶᠢ ᠪᠢᠴᠢᠭᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号