ᠮᠡᠳᠡᠭᠳᠡᠯ ᠳᠤ᠂ ᠡᠯ᠎ᠡ ᠭᠠᠵᠠᠷ ᠤᠨ ᠬᠢᠨ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠂ | ᠬᠥᠳᠡᠭᠡ ᠲᠣᠰᠬᠤᠨ ᠤ ᠲᠠᠷᠢᠶᠠᠯᠠᠬᠤ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠵᠢᠯᠯᠠᠭ᠎ᠠ | ᠰᠢᠨ᠎ᠡ ᠪᠠᠷ ᠨᠡᠮᠡᠭᠳᠡᠬᠦ ᠶᠢ ︽ᠥᠴᠥᠬᠡᠨ ᠴᠦ ᠠᠭᠤᠴᠢᠯᠠᠬᠤ ᠦᠭᠡᠢ ︾ ᠪᠠᠷ ᠬᠤᠷᠢᠭᠯᠠᠬᠤ ᠬᠡᠷᠡᠭᠲᠡᠢ᠃ ᠬᠠᠤᠯᠢ | ᠲᠣᠭᠲᠠᠭᠠᠯ ᠠᠴᠠ ᠵᠥᠷᠢᠴᠡᠨ ᠣᠷᠣᠨ ᠰᠠᠭᠤᠴᠠ ᠶᠢᠨ ᠭᠠᠵᠠᠷ ᠢ ᠬᠤᠳᠠᠯᠳᠤᠭᠠᠯᠠᠬᠤ ᠪᠠ ᠲᠣᠭᠲᠠᠭᠠᠯ ᠠᠴᠠ ᠵᠥᠷᠢᠴᠡᠨ | ᠭᠡᠷ ᠪᠠᠶᠢᠰᠢᠩ ᠬᠤᠷᠰᠢᠨ ᠪᠠᠷᠢᠬᠤ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠢ ᠲᠣᠭᠲᠠᠭᠠᠵᠠᠢ᠃ ᠡᠭᠦᠨ ᠤ ᠬᠠᠮᠲᠤ᠂ | ᠡᠯ᠎ᠡ ᠭᠠᠵᠠᠷ ᠤᠨ ᠬᠢᠨ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠪᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠲᠠᠷᠢᠶᠠᠯᠠᠬᠤ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠬᠤ ᠭᠠᠵᠠᠷ ᠤᠨ ᠶᠡᠷᠦᠩᠬᠡᠢ ᠬᠡᠮᠵᠢᠶᠡᠨ ᠤ ᠬᠥᠳᠡᠯᠦᠩᠭᠦᠢ ᠲᠡᠩᠴᠡᠭᠦᠷᠢ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠱᠠᠭᠠᠷᠳᠠᠪᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︶ |