ᠨᠣᠮ ᠤᠩᠰᠢᠵᠤ ᠮᠡᠳᠡᠯᠭᠡ ᠰᠤᠷᠴᠤ ᠠᠮᠠᠷᠠᠯᠲᠠ ᠶᠢᠨ ᠬᠤᠭᠤᠴᠠᠭ᠎ᠠ ᠪᠠᠨ ᠪᠠᠶᠠᠷᠳᠠᠢ ᠦᠩᠭᠡᠷᠡᠭᠦᠯᠦᠨ᠎ᠡ
ᠨᠡᠶᠢᠲᠡᠯᠡᠭᠰᠡᠨ ᠴᠠᠭ᠄
2025/2/16
   ᠡᠨᠡ ᠬᠦ ᠡᠪᠦᠯ ᠤᠨ ᠠᠮᠠᠷᠠᠯᠲᠠ ᠳᠤ᠂ ᠲᠦᠴᠢᠦᠸᠠᠨ ᠰᠢᠶᠠᠨ ᠤ ᠴᠥᠭᠡᠨ ᠪᠤᠰᠤ ᠬᠡᠷ ᠤᠨ ᠠᠬᠠᠮᠠᠳ ᠬᠡᠦᠬᠡᠳ  ᠢᠶᠠᠨ ᠳᠠᠭᠠᠭᠤᠯᠤᠨ ᠡᠯ᠎ᠡ ᠵᠦᠶᠯ ᠤᠨ ᠰᠤᠷᠤᠯᠴᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠳᠤᠷ᠎ᠠ ᠰᠣᠨᠢᠷᠬᠠᠯ  ᠢᠶᠠᠨ ᠥᠷᠭᠡᠳᠬᠡᠨ᠂ ᠮᠡᠳᠡᠯᠭᠡ ᠪᠠᠨ ᠨᠡᠮᠡᠭᠳᠡᠭᠦᠯᠵᠦ᠂ ᠣᠯᠠᠨ ᠵᠦᠶᠯ ᠤᠨ ᠠᠵᠢᠯᠯᠠᠭ᠎ᠠ ᠳᠤᠮᠳᠠ ᠡᠪᠦᠯ ᠤᠨ ᠠᠮᠠᠷᠠᠯᠲᠠ  ᠶᠢᠨ ᠠᠮᠢᠳᠤᠷᠠᠯ ᠢᠶᠠᠨ ᠪᠠᠶᠠᠷ ᠬᠥᠷ ᠲᠠᠢ ᠥᠩᠭᠡᠷᠡᠭᠦᠯᠪᠡ᠃
   ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠰᠤᠷᠤᠭᠴᠢᠳ ᠨᠣᠮ ᠤᠨ ᠰᠠᠩ᠂ ᠨᠣᠮ ᠤᠨ ᠳᠡᠯᠭᠡᠭᠦᠷ ᠲᠤ ᠣᠷᠣᠵᠤ᠂ ᠮᠡᠳᠡᠯᠭᠡ ᠰᠤᠷᠴᠤ᠂ ᠨᠣᠮ ᠤᠩᠰᠢᠵᠤ᠂ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢᠶᠠᠨ ᠲᠡᠭᠦᠯᠳᠡᠷᠵᠢᠭᠦᠯᠦᠨ᠎ᠡ᠃ ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠲᠤ᠂ ᠴᠥᠭᠡᠨ ᠪᠤᠰᠤ ᠭᠡᠷ ᠤᠨ ᠠᠬᠠᠮᠠᠳ ᠪᠣᠯᠤᠨ ᠰᠤᠷᠤᠭᠴᠢᠳ ᠨᠣᠮ ᠤᠩᠰᠢᠵᠤ ᠪᠠᠶᠢᠨ᠎ᠠ᠃
   ︽ᠪᠢ ᠦᠷᠭᠦᠯᠵᠢ ᠬᠡᠦᠬᠡᠳ ᠢᠶᠠᠨ ᠳᠠᠭᠠᠭᠤᠯᠤᠨ ᠨᠣᠮ ᠤᠨ ᠳᠡᠯᠭᠡᠭᠦᠷ ᠲᠤ ᠢᠷᠡᠳᠡᠭ᠂ ᠠᠳᠡ ᠨᠣᠮ ᠤᠨ ᠲᠦᠷᠦᠯ ᠵᠦᠢᠯ ᠪᠦᠷᠢᠨ ᠭᠦᠢᠴᠡᠳ ᠪᠠᠶᠢᠬᠤ ᠪᠠᠷ ᠪᠠᠷᠠᠬᠤ ᠦᠭᠡᠢ ᠪᠠᠰᠠ ᠦᠷᠭᠦᠯᠵᠢ ᠨᠣᠮ ᠤᠩᠰᠢᠬᠤ ᠠᠵᠢᠯᠯᠠᠭ᠎ᠠ ᠡᠷᠬᠢᠯᠡᠵᠦ᠂ ᠬᠡᠦᠬᠡᠳ ᠤᠳ ᠲᠤ ᠨᠡᠩ ᠤᠯᠠᠨ ᠮᠡᠳᠡᠯᠭᠡ ᠡᠵᠡᠮᠰᠢᠭᠦᠯᠬᠦ ᠶᠢᠨ ᠬᠠᠮᠲᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠪᠣᠯᠤᠨ ᠭᠦᠨ ᠵᠤᠵᠠᠭᠠᠨ ᠠᠭᠤᠯᠤᠭᠳᠠᠬᠤᠨ ᠢ ᠤᠢᠢᠯᠠᠭᠠᠭᠤᠯᠳᠠᠭ᠃︾ ᠭᠡᠵᠦ ᠰᠠᠭᠤᠭᠠᠯᠢ ᠠᠷᠠᠳ ᠴᠠᠩ ᠠᠪᠠᠭ᠋ᠠᠶ ᠬᠡᠯᠡᠪᠡ᠃
   ᠲᠦᠴᠢᠦᠸᠠᠨ ᠰᠢᠶᠠᠨ ᠤ ᠰᠢᠨᠬᠤᠸᠠ ᠨᠣᠮ ᠤᠨ ᠳᠡᠯᠭᠡᠭᠦᠷ ᠪᠠᠰᠠ ᠪᠠᠶᠠᠯᠢᠭ ᠰᠠᠶᠢᠬᠠᠨ ᠤᠩᠰᠢᠯᠭ᠎ᠠ ᠶᠢᠨ ᠰᠣᠶᠣᠯ  ᠤᠨ ᠠᠵᠢᠯᠯᠠᠭ᠎ᠠ ᠥᠷᠨᠢᠭᠦᠯᠵᠦ᠂ ᠪᠦᠬᠦ ᠠᠷᠠᠳ ᠤᠨ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠬᠥᠭᠵᠢᠭᠡᠪᠡ᠃ ᠤᠩᠰᠢᠭᠴᠢᠳ ᠳ᠋ᠧᠩ ᠤᠨ ᠣᠨᠢᠰᠤᠭ᠎ᠠ ᠳᠠᠭᠠᠬᠤ᠂ ᠰᠢᠯᠦᠭ ᠵᠣᠬᠢᠶᠠᠯ ᠤᠩᠰᠢᠬᠤ᠂ ᠵᠢᠷᠤᠭ ᠵᠢᠷᠤᠬᠤ ᠵᠡᠷᠭᠡ ᠬᠡᠯᠪᠡᠷᠢ  ᠪᠠᠷ ᠢᠷᠡᠭᠡᠳᠦᠶ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠪᠠ ᠡᠬᠡ ᠤᠯᠤᠰ ᠲᠠᠭᠠᠨ ᠵᠥᠩᠨᠡᠯ ᠳᠡᠪᠰᠢᠭᠦᠯᠵᠦ ᠪᠠᠶᠢᠬᠤ ᠪᠠᠨ ᠢᠯᠡᠳᠬᠡᠵᠦ᠂ ᠣᠯᠠᠨ ᠢᠶᠠᠷ ᠢᠶᠠᠨ ᠠᠵᠢᠯᠯᠠᠭ᠎ᠠ ᠳᠤ ᠢᠳᠡᠪᠬᠢᠲᠡᠶ᠂ ᠢᠳᠡᠪᠬᠢᠲᠡᠶ ᠣᠷᠣᠯᠴᠠᠭᠰᠠᠨ ᠪᠠᠶᠢᠨ᠎ᠠ
   ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠤ ᠬᠡᠯᠡᠨ ᠤ ᠴᠢᠳᠠᠪᠤᠷᠢ ᠪᠠ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠨᠣᠮ  ᠤᠨ ᠰᠠᠩ ᠡᠪᠦᠯ ᠤᠨ ᠠᠮᠠᠷᠠᠯᠲᠠ ᠶᠢᠨ ᠤᠩᠰᠢᠨ ᠣᠶᠢᠯᠠᠭᠠᠬᠤ ᠪᠠ ᠵᠣᠬᠢᠶᠠᠯ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠭᠠᠷᠭᠠᠪᠠ᠃ ᠬᠢᠴᠢᠶᠡᠯ ᠳᠡᠭᠡᠷ᠎ᠡ᠂ ᠪᠠᠭᠰᠢ ᠠᠴᠠ ᠰᠢᠰᠲ᠋ᠧᠮ ᠲᠠᠢ ᠤᠩᠰᠢᠯᠭ᠎ᠠ ᠶᠢᠨ ᠵᠢᠯᠤᠭᠤᠳᠤᠯᠭ᠎ᠠ ᠪᠠᠷ ᠳᠠᠮᠵᠢᠨ᠂ ᠰᠤᠷᠤᠭᠴᠢᠳ ᠲᠤ ᠪᠦᠲᠦᠮᠵᠢᠲᠡᠢ ᠤᠩᠰᠢᠬᠤ ᠠᠷᠭ᠎ᠠ ᠶᠢ ᠡᠵᠡᠮᠰᠢᠭᠦᠯᠵᠦ᠂ ᠤᠩᠰᠢᠨ ᠣᠶᠢᠯᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠥᠷᠭᠡᠨ ᠳᠡᠯᠭᠡᠷ ᠤᠩᠰᠢᠯᠭ᠎ᠠ ᠳᠤᠮᠳᠠ ᠬᠠᠷᠠᠭ᠎ᠠ ᠶᠢ ᠨᠢ ᠥᠷᠭᠡᠳᠬᠡᠨ᠂ ᠮᠡᠳᠡᠯᠭᠡ ᠶᠢ ᠨᠢ ᠪᠠᠶᠠᠯᠢᠭᠵᠢᠭᠤᠯᠵᠤ᠂ ᠰᠣᠶᠣᠯ ᠤᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠦᠨ᠎ᠡ᠃
   ︽ᠨᠣᠮ ᠤᠨ ᠰᠠᠩ ᠤᠨ ᠡᠷᠬᠢᠯᠡᠭᠰᠡᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠠᠵᠢᠯᠯᠠᠭ᠎ᠠ  ᠳᠤ ᠣᠷᠣᠯᠴᠠᠭᠰᠠᠨ ᠨᠢ ᠮᠢᠨᠦ ᠵᠣᠬᠢᠶᠠᠨ ᠪᠢᠴᠢᠬᠦ ᠴᠢᠳᠠᠪᠤᠷᠢ ᠪᠣᠯᠤᠨ ᠤᠩᠰᠢᠵᠤ ᠣᠶᠢᠯᠠᠭᠠᠬᠤ ᠴᠢᠳᠠᠪᠤᠷᠢ ᠶᠢ ᠶᠡᠭᠡ  ᠪᠠᠷ ᠳᠡᠭᠡᠭᠰᠢᠯᠡᠭᠦᠯᠪᠡ᠂ ᠮᠢᠨᠦ ᠦᠵᠡᠬᠦ ᠪᠠᠷ ᠡᠨᠡ ᠬᠦ ᠡᠪᠦᠯ ᠤᠨ ᠠᠮᠠᠷᠠᠯᠲᠠ ᠨᠢ ᠮᠠᠰᠢ ᠤᠳᠬ᠎ᠠ ᠠᠭᠤᠯᠭ᠎ᠠ ᠲᠠᠢ ᠶᠤᠮ ᠃︾ ᠭᠡᠵᠦ ᠰᠤᠷᠤᠭᠴᠢ ᠾᠧ ᠯᠠᠩ ᠬᠡᠯᠡᠪᠡ᠃
   ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠲᠦᠴᠢᠦᠸᠠᠨ ᠰᠢᠶᠠᠨ ᠤ ᠨᠣᠮ ᠤᠨ ᠰᠠᠩ ᠳᠤ ᠮᠠᠰᠢ ᠣᠯᠠᠨ ᠰᠤᠷᠤᠯᠴᠠᠨ ᠴᠡᠨᠡᠭᠯᠡᠬᠦ ᠶᠢ ᠬᠦᠰᠡᠵᠦ ᠪᠠᠶᠢᠭ᠎ᠠ ᠤᠩᠰᠢᠭᠴᠢᠳ ᠢ ᠤᠭᠲᠤᠨ ᠠᠪᠴᠢᠷᠠᠪᠠ᠃ ᠡᠨᠡ ᠬᠦ ᠣᠷᠭᠢᠯᠤᠮ᠎ᠠ ᠬᠠᠯᠠᠭᠤᠨ ᠰᠤᠷᠤᠯᠴᠠᠬᠤ ᠱᠠᠭᠠᠷᠳᠠᠯᠭ᠎ᠠ ᠶᠢ ᠢᠳᠡᠪᠬᠢᠲᠡᠶ ᠠᠷᠭᠠᠴᠠᠬᠤ ᠶᠢᠨ ᠲᠥᠯᠥᠭᠡ᠂ ᠨᠣᠮ ᠤᠨ ᠰᠠᠩ ᠠᠯᠢ ᠣᠯᠠᠨ ᠳᠣᠲᠣᠨᠣ ᠠᠷᠭ᠎ᠠ ᠬᠡᠮᠵᠢᠶ᠎ᠡ ᠠᠪᠴᠠᠶ᠃
   ︽ᠴᠠᠭᠠᠨ ᠰᠠᠷ᠎ᠠ ᠪᠣᠯᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ᠂ ᠨᠣᠮ ᠤᠨ ᠰᠠᠩ ᠪᠠᠰᠠ ᠵᠠᠩ ᠦᠶᠯᠡ ᠶᠢᠨ ᠦᠵᠡᠭᠦᠯᠦᠯᠭᠡ ᠵᠢᠴᠢ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ᠂ ᠳ᠋ᠧᠩ ᠤᠨ ᠣᠨᠢᠰᠤᠭ᠎ᠠ ᠳᠠᠭᠠᠬᠤ ᠵᠡᠷᠭᠡ ᠠᠯᠢ ᠣᠯᠠᠨ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ᠂ ᠨᠣᠮ ᠤᠨ ᠰᠠᠩ ᠠᠮᠠᠷᠠᠯᠲᠠ ᠶᠢᠨ ᠬᠤᠭᠤᠴᠠᠭᠠᠨ ᠳᠠᠭᠠᠨ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠣᠯᠠᠨ ᠳᠤ ᠰᠦᠶᠳᠬᠡᠯ ᠬᠤᠷᠢᠶᠠᠬᠤ ᠥᠬᠡᠶ ᠪᠠᠷ ᠰᠤᠷᠤᠯᠴᠠᠬᠤ ᠪᠠ ᠨᠣᠮ ᠦᠵᠡᠬᠦ ᠰᠠᠶᠢᠨ ᠭᠠᠵᠠᠷ ᠬᠠᠩᠭᠠᠨ᠎ᠠ᠃︾ ᠭᠡᠵᠦ ᠲᠦᠴᠢᠦᠸᠠᠨ ᠰᠢᠶᠠᠨ ᠤ ᠨᠣᠮ ᠤᠨ ᠰᠠᠩ ᠤᠨ ᠠᠵᠢᠯᠲᠠᠨ ᠯᠢ ᠭᠤᠸᠠᠩ ᠶᠠᠩ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号