ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠤᠨ ᠲᠤᠬᠠᠢ ᠦᠨᠳᠦᠰᠦᠨ ᠮᠡᠳᠡᠯᠭᠡ ᠶᠢᠨ ᠪᠤᠯᠪᠠᠰᠤᠷᠠᠯ ︵ᠬᠤᠶᠠᠷ︶
ᠨᠡᠶᠢᠲᠡᠯᠡᠭᠰᠡᠨ ᠴᠠᠭ᠄
2025/2/17
   ᠶᠠᠭᠤᠨ ᠳᠤ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠤᠨ ᠬᠢᠵᠠᠭᠠᠷ ᠬᠡᠮᠵᠢᠶ᠎ᠡ ᠶᠢ ᠲᠣᠭᠲᠠᠭᠠᠬᠤ ᠬᠡᠷᠡᠭᠲᠡᠢ ᠪᠤᠢ  ︖    ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠪᠣᠳᠠᠰ ᠤᠨ ᠵᠠᠷᠢᠮ ᠨᠢ ᠢᠯᠡᠭᠦᠦ ᠦᠯᠡᠳᠡᠵᠦ᠂ ᠵᠠᠷᠢᠮ ᠨᠢ ᠪᠠᠭ᠎ᠠ ᠦᠯᠡᠳᠡᠳᠡᠭ᠃ ᠡᠳᠡᠭᠡᠷ ᠪᠣᠳᠠᠰ ᠨᠢ ᠲᠠᠷᠢᠶᠠᠯᠠᠩ ᠤᠨ ᠪᠦᠲᠦᠭᠡᠭᠳᠡᠬᠦᠨ ᠢ ᠢᠳᠡᠬᠦ ᠪᠠᠷ ᠳᠠᠮᠵᠢᠨ ᠬᠥᠮᠥᠨ ᠤ ᠪᠡᠶ᠎ᠡ ᠳᠤ ᠣᠷᠣᠬᠤ ᠶᠢ ᠳᠠᠭᠠᠯᠳᠤᠨ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠦᠦ ᠦᠭᠡᠢ ᠦᠦ᠂ ᠬᠤᠣᠷ ᠬᠥᠨᠥᠭᠡᠯ ᠨᠢ ᠬᠡᠳᠦᠢ ᠶᠡᠭᠡ᠂ ᠬᠡᠳᠦᠢ ᠢᠳᠡᠪᠡᠯ ᠠᠶᠤᠯ ᠲᠦᠭᠰᠢᠭᠦᠷᠢ ᠲᠠᠢ  ︖ ᠡᠳᠡᠭᠡᠷ ᠠᠰᠠᠭᠤᠳᠠᠯ ᠢ ᠬᠡᠷᠡᠭᠯᠡᠭᠴᠢᠳ ᠲᠦᠢᠯ ᠢᠶᠠᠷ ᠠᠩᠬᠠᠷᠴᠤ ᠪᠠᠶᠢᠨ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠴᠦ ᠰᠢᠨᠵᠢᠯᠡᠬᠦ ᠤᠬᠠᠭᠠᠨᠴᠢ ᠠᠷᠭ᠎ᠠ ᠪᠠ ᠠᠷᠭ᠎ᠠ ᠪᠠᠷᠢᠯ ᠢᠶᠠᠷ ᠦᠨᠡᠯᠡᠨ ᠬᠡᠮᠵᠢᠵᠦ᠂ ᠬᠡᠷᠡᠭᠯᠡᠭᠴᠢᠳ ᠤᠨ ᠬᠤᠳᠠᠯᠳᠤᠨ ᠠᠪᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠢ ᠪᠠᠶᠢᠬᠤ ᠶᠢ ᠦᠨᠡᠨ ᠬᠦ ᠪᠠᠲᠤᠯᠠᠬᠤ ᠴᠢᠬᠤᠯᠠᠲᠠᠢ ᠪᠠᠶᠢᠨ᠎ᠠ᠃ ᠡᠨᠡ ᠬᠦ ᠰᠢᠨᠵᠢᠯᠡᠬᠦ ᠤᠬᠠᠭᠠᠨ ᠤ ᠭᠦᠢᠴᠡᠳᠬᠡᠯ ᠲᠤᠭ᠎ᠠ ᠨᠢ ᠳᠠᠷᠤᠢ ᠮᠠᠨ ᠤ ᠲᠣᠰ ᠤᠳᠠᠭᠠᠨ ᠤ ᠪᠤᠯᠪᠠᠰᠤᠷᠠᠯ ᠤᠨ ᠠᠭᠤᠯᠭ᠎ᠠ ︱ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ ᠪᠣᠯᠣᠨ᠎ᠠ᠃ ᠡᠨᠡ ᠬᠦ ᠪᠠᠷᠢᠮᠵᠢᠶ᠎ᠠ ᠪᠠᠷ ᠳᠠᠮᠵᠢᠭᠤᠯᠤᠨ᠂ ᠪᠢᠳᠡ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠪᠤᠶᠤ ᠮᠠᠯ ᠤᠨ ᠡᠮ ᠤᠨ ᠦᠯᠡᠳᠡᠭᠳᠡᠯ ᠨᠢ ᠬᠥᠮᠥᠨ ᠤ ᠪᠡᠶ᠎ᠡ ᠳᠤ ᠬᠤᠣᠷᠲᠠᠢ ᠡᠰᠡᠬᠦ ᠶᠢ ᠮᠠᠭᠠᠳᠯᠠᠵᠤ ᠪᠣᠯᠣᠨ᠎ᠠ᠃ ᠳᠦᠭᠦᠮᠴᠢᠯᠡᠪᠡᠯ᠂ ᠳᠠᠷᠤᠢ ᠡᠨᠡ ᠬᠦ ᠪᠠᠷᠢᠮᠵᠢᠶ᠎ᠠ ᠠᠴᠠ ᠬᠡᠲᠦᠷᠡᠪᠡᠯ᠂ ᠲᠠᠷᠢᠶᠠᠯᠠᠩ ᠤᠨ ᠪᠦᠲᠦᠭᠡᠭᠳᠡᠬᠦᠨ ᠤ ᠳᠤᠮᠳᠠ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠨᠢ ᠬᠥᠮᠥᠨ ᠤ ᠪᠡᠶ᠎ᠡ ᠳᠤ ᠠᠶᠤᠯ ᠲᠦᠭᠰᠢᠭᠦᠷᠢ ᠲᠠᠢ ᠪᠥᠭᠡᠳ ᠬᠤᠣᠷ ᠬᠥᠨᠥᠭᠡᠯ ᠲᠠᠢ ᠪᠣᠯᠣᠨ᠎ᠠ᠂ ᠡᠭᠦᠨ ᠤ ᠡᠰᠡᠷᠭᠦ ᠪᠠᠷ ᠡᠨᠡ ᠬᠦ ᠪᠠᠷᠢᠮᠵᠢᠶ᠎ᠠ ᠠᠴᠠ ᠳᠣᠣᠷ᠎ᠠ ᠪᠠᠶᠢᠪᠠᠯ ᠠᠶᠤᠯ ᠲᠦᠭᠰᠢᠭᠦᠷᠢ ᠶᠢᠨ ᠬᠤᠣᠷ ᠬᠥᠨᠥᠭᠡᠯ ᠦᠭᠡᠢ ᠶᠤᠮ᠃    ᠡᠩ ᠤᠨ ᠪᠠᠶᠢᠳᠠᠯ ᠳᠣᠣᠷ᠎ᠠ᠂ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠭᠰᠡᠨ ᠤ ᠲᠠᠷᠠᠭ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠲᠤ ᠲᠠᠷᠢᠶᠠᠯᠠᠩ ᠤᠨ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ᠂ ᠨᠡᠶᠢᠲᠡᠯᠡᠭᠰᠡᠨ ᠪᠠᠷᠢᠮᠵᠢᠶ᠎ᠠ ᠶᠣᠰᠣᠭᠠᠷ ᠪᠣᠷᠣᠯᠠᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠠᠴᠠ ᠬᠡᠲᠦᠷᠡᠭᠰᠡᠨ ᠡᠰᠡᠬᠦ ᠶᠢ ᠮᠠᠭᠠᠳᠯᠠᠨ᠎ᠠ᠂ ᠬᠡᠷᠪᠡ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ ᠴᠠᠭ ᠲᠤᠬᠠᠢ ᠳᠤᠨᠢ ᠠᠷᠠᠯᠵᠢᠶ᠎ᠠ ᠠᠴᠠ ᠪᠠᠭᠤᠯᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠤᠯᠢ ᠶᠢᠨ ᠬᠠᠷᠢᠭᠤᠴᠠᠯᠭ᠎ᠠ ᠡᠭᠦᠷᠭᠡᠭᠦᠯᠦᠨ᠎ᠡ᠃ ᠡᠶᠢᠮᠦᠷᠬᠦᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠤᠯᠠᠨ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠲᠠᠷᠢᠶᠠᠴᠢᠳ ᠤᠨ ᠬᠤᠷᠰᠢᠶ᠎ᠠ᠂ ᠦᠢᠯᠡᠳᠪᠦᠷᠢᠯᠡᠯ ᠡᠷᠬᠢᠯᠡᠵᠦ ᠪᠠᠶᠢᠭ᠎ᠠ ᠥᠷᠭᠡᠨ ᠤᠯᠠᠨ ᠲᠠᠷᠢᠶᠠᠴᠢᠨ ᠡᠷᠦᠬᠡ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠱᠠᠭᠠᠷᠳᠠᠯᠭ᠎ᠠ ᠶᠢ ᠡᠵᠡᠮᠰᠢᠭᠦᠯᠬᠦ ᠶᠢᠨ ᠤᠯᠠᠮ ᠠᠴᠠ ᠦᠢᠯᠡᠳᠪᠦᠷᠢᠯᠡᠯ ᠤᠨ ᠳᠤᠮᠳᠠ ᠲᠠᠷᠢᠶᠠᠨ ᠡᠮ ᠮᠠᠯ ᠤᠨ ᠡᠮ ᠢ ᠵᠢᠷᠤᠮᠵᠢᠭᠤᠯᠤᠨ ᠬᠡᠷᠡᠭᠯᠡᠵᠦ᠂ ᠶᠠᠰᠤ ᠴᠢᠨᠠᠷ ᠢ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠶᠤᠯᠭᠦᠢ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠭᠠᠷᠭᠠᠵᠤ ᠴᠢᠳᠠᠨ᠎ᠠ᠃ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ ᠨᠢ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠢ ᠶᠢ ᠪᠠᠲᠤᠯᠠᠬᠤ ᠰᠠᠭᠤᠷᠢ ᠪᠣᠯᠬᠤ ᠮᠥᠷᠲᠡᠭᠡᠨ ᠪᠠᠰᠠ ᠴᠤ ᠦᠢᠯᠡᠳᠪᠦᠷᠢᠯᠡᠭᠴᠢ ᠶᠢᠨ ᠰᠠᠶᠢᠨ ᠰᠠᠶᠢᠬᠠᠨ ᠲᠠᠷᠢᠶᠠᠯᠠᠩ ᠤᠨ ᠵᠢᠷᠤᠮᠵᠢᠯ ᠢ ᠵᠢᠷᠤᠮᠯᠠᠬᠤ ᠶᠢ ᠠᠬᠢᠭᠤᠯᠬᠤ᠂ ᠴᠢᠬᠤᠯᠠ ᠪᠤᠰᠤ ᠡᠮ ᠤᠨ ᠵᠦᠢᠯ ᠤᠨ ᠬᠡᠷᠡᠭᠯᠡᠯᠲᠡ ᠶᠢ ᠬᠢᠵᠠᠭᠠᠷᠯᠠᠬᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢᠨ ᠰᠠᠭᠤᠷᠢ ᠮᠥᠨ ᠭᠡᠵᠦ ᠬᠡᠯᠡᠵᠦ ᠪᠣᠯᠣᠨ᠎ᠠ᠃ ᠡᠭᠦᠨ ᠠᠴᠠ ᠭᠠᠳᠠᠨ᠎ᠠ᠂ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ ᠨᠢ ᠲᠠᠷᠢᠶᠠᠯᠠᠩ ᠤᠨ ᠪᠦᠲᠦᠭᠡᠭᠳᠡᠬᠦᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠶᠢ ᠠᠬᠢᠭᠤᠯᠬᠤ᠂ ᠲᠠᠷᠢᠶᠠᠯᠠᠩ ᠤᠨ ᠠᠷᠠᠯᠵᠢᠶᠠᠨ ᠤ ᠪᠠᠬᠢᠯᠡᠯᠲᠡ ᠶᠢ ᠡᠪᠳᠡᠬᠦ ᠵᠡᠷᠭᠡ ᠲᠠᠯ᠎ᠠ ᠪᠠᠷ ᠴᠤ ᠴᠢᠬᠤᠯᠠ ᠦᠢᠯᠡᠳᠦᠯ ᠦᠵᠡᠭᠦᠯᠦᠨ᠎ᠡ᠃    ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠨ ᠪᠦᠬᠦ ᠰᠤᠷᠤᠭᠴᠢᠳ ᠲᠤ ᠠᠪᠴᠤ ᠬᠡᠯᠡᠪᠡᠯ᠂ ᠭᠤᠣᠯᠳᠠᠯᠭ᠎ᠠ ᠪᠠᠨ ᠲᠠᠨᠢᠵᠤ ᠣᠯᠬᠤ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠠ ᠬᠢᠨᠠᠯᠲᠠ ᠬᠠᠮᠢᠶᠠᠷᠤᠯᠲᠠ ᠶᠢᠨ ᠳᠤᠮᠳᠠ ᠦᠷᠭᠦᠯᠵᠢ ᠬᠡᠯᠡᠳᠡᠭ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠤᠨ ᠲᠤᠬᠠᠢ ᠲᠣᠭᠲᠠᠭᠠᠯ ᠢ ᠬᠤᠶᠠᠷ ᠳᠠᠪᠬᠤᠷᠭ᠎ᠠ ᠬᠤᠪᠢᠶᠠᠨ᠎ᠠ᠄ ᠨᠢᠭᠡ ᠳᠤ ᠬᠡᠷᠡᠭᠯᠡᠬᠦ ᠶᠢ ᠴᠠᠭᠠᠵᠠᠯᠠᠭᠰᠠᠨ ᠡᠮ᠂ ᠬᠡᠷᠡᠭᠯᠡᠬᠦ ᠳᠤ ᠴᠠᠭᠠᠵᠠᠯᠠᠭᠰᠠᠨ ︵ᠬᠢᠵᠠᠭᠠᠷᠯᠠᠭᠰᠠᠨ ︶ ᠲᠠᠷᠢᠶᠠᠨ ᠡᠮ ᠪᠠ ᠮᠠᠯ ᠤᠨ ᠡᠮ ᠢ ᠪᠠᠭᠲᠠᠭᠠᠨ᠎ᠠ᠂ ᠡᠨᠡ ᠲᠦᠷᠦᠯ ᠤᠨ ᠡᠮ ᠢ ᠬᠡᠷᠡᠭᠯᠡᠵᠦ ᠪᠣᠯᠬᠤ ᠦᠭᠡᠢ᠂ ᠲᠤᠬᠠᠶᠢᠯᠠᠪᠠᠯ ᠬᠡᠷᠡᠭᠯᠡᠪᠡᠯ ᠳᠠᠷᠤᠢ ᠬᠠᠤᠯᠢ ᠶᠢ ᠵᠥᠷᠢᠴᠡᠨ᠎ᠡ᠂ ᠡᠨᠡ ᠲᠦᠷᠦᠯ ᠤᠨ ᠦᠢᠯᠡ ᠠᠵᠢᠯᠯᠠᠭ᠎ᠠ ᠪᠣᠯ ᠲᠦᠢᠯ ᠤᠨ ᠬᠠᠷ᠎ᠠ ᠬᠤᠣᠷᠲᠠᠢ ᠶᠤᠮ᠂ ︽ᠡᠷᠡᠭᠦᠦ ᠶᠢᠨ ᠬᠠᠤᠯᠢ ︾ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠤᠯᠢ ︾ ᠵᠡᠷᠭᠡ ᠬᠠᠤᠯᠢ ᠴᠠᠭᠠᠵᠠ ᠳᠠᠬᠢ ᠴᠠᠭᠠᠵᠠᠲᠠᠢ ᠡᠮ ᠢ ᠬᠡᠷᠡᠭᠯᠡᠬᠦ ᠦᠢᠯᠡ ᠠᠵᠢᠯᠯᠠᠭ᠎ᠠ ᠳᠤ ᠲᠣᠭᠲᠠᠭᠠᠭᠰᠠᠨ ᠰᠢᠳᠬᠡᠯ ᠨᠢ ᠲᠦᠢᠯ ᠤᠨ ᠬᠦᠨᠳᠦ ᠪᠠᠶᠢᠳᠠᠭ᠂ ᠦᠢᠯᠡᠳᠪᠦᠷᠢᠯᠡᠭᠴᠢ ᠪᠡᠶ᠎ᠡ ᠪᠠᠷ ᠢᠶᠠᠨ ᠬᠠᠤᠯᠢ ᠶᠢ ᠲᠤᠷᠰᠢᠵᠤ ᠪᠣᠯᠬᠤ ᠦᠭᠡᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠭᠴᠢ ᠴᠦ ᠡᠨᠡ ᠲᠦᠷᠦᠯ ᠤᠨ ᠡᠮ ᠢ ᠪᠣᠷᠣᠯᠠᠭᠤᠯᠵᠤ ᠪᠣᠯᠬᠤ ᠦᠭᠡᠢ ︔ ᠬᠤᠶᠠᠷ ᠲᠤ ᠡᠩ ᠤᠨ ᠬᠡᠷᠡᠭᠯᠡᠬᠦ ᠲᠠᠷᠢᠶᠠᠨ ᠡᠮ ᠮᠠᠯ ᠤᠨ ᠡᠮ᠂ ᠡᠳᠡᠭᠡᠷ ᠲᠠᠷᠢᠶᠠᠨ ᠡᠮ ᠮᠠᠯ ᠤᠨ ᠡᠮ ᠢ ᠬᠠᠤᠯᠢ ᠶᠣᠰᠣᠭᠠᠷ ᠬᠡᠷᠡᠭᠯᠡᠬᠦ ᠶᠢ ᠵᠥᠪᠰᠢᠶᠡᠷᠡᠨ᠎ᠡ᠂ ᠭᠡᠪᠡᠴᠦ ᠦᠢᠯᠡᠳᠪᠦᠷᠢᠯᠡᠭᠴᠢ ᠵᠢᠷᠤᠮᠵᠢᠭᠤᠯᠤᠨ ᠬᠡᠷᠡᠭᠯᠡᠬᠦ ᠬᠡᠷᠡᠭᠲᠡᠢ᠂ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ᠂ ᠡᠰᠡ ᠲᠡᠭᠡᠪᠡᠯ ᠢᠯᠡᠭᠦᠦ ᠬᠡᠷᠡᠭᠯᠡᠪᠡᠯ ᠦᠯᠡᠳᠡᠭᠳᠡᠯ ᠨᠢ ᠴᠦ ᠠᠷᠪᠢᠨ ᠪᠣᠯᠣᠨ᠎ᠠ᠃ ᠢᠳᠡᠭᠡᠨ᠂ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠦᠯᠡᠳᠡᠭᠳᠡᠯ ᠤᠨ ᠬᠠᠮᠤᠭ ᠤᠨ ᠶᠡᠭᠡ ᠬᠢᠵᠠᠭᠠᠷ ᠬᠡᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠬᠦ ᠶᠠᠪᠤᠳᠠᠯ ᠪᠣᠯᠣᠨ᠎ᠠ᠂ ᠬᠡᠮᠵᠢᠶ᠎ᠡ ᠠᠴᠠ ᠨᠢ ᠬᠡᠲᠦᠷᠡᠪᠡᠯ ᠮᠥᠨ ᠴᠦ ᠬᠠᠤᠯᠢ ᠶᠢ ᠵᠥᠷᠢᠴᠡᠭᠰᠡᠨ ᠠᠵᠢᠯᠯᠠᠭ᠎ᠠ ᠪᠣᠯᠬᠤ ᠤᠴᠢᠷ ᠠᠴᠠ ᠰᠢᠳᠬᠡᠯ ᠬᠦᠯᠢᠶᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢᠳ ᠡᠨᠡ ᠬᠤᠶᠠᠷ ᠳᠠᠪᠬᠤᠷᠭ᠎ᠠ ᠶᠢᠨ ᠱᠠᠭᠠᠷᠳᠠᠯᠭ᠎ᠠ ᠶᠢ ᠡᠵᠡᠮᠰᠢᠵᠦ᠂ ᠬᠡᠮᠵᠢᠶ᠎ᠡ ᠶᠢ ᠬᠢᠵᠠᠭᠠᠷᠯᠠᠬᠤ ᠤᠬᠠᠮᠰᠠᠷ ᠢ ᠵᠥᠪ ᠪᠤᠢ ᠪᠣᠯᠭᠠᠪᠠᠯ ᠰᠠᠶ᠋ᠢ ᠠᠶᠤᠯᠭᠦᠢ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠭᠠᠷᠭᠠᠵᠤ ᠴᠢᠳᠠᠨ᠎ᠠ᠃ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠤᠨ ᠡᠵᠡᠩᠨᠡᠭᠴᠢ ᠴᠦ ᠲᠣᠰ ᠪᠡᠶ᠎ᠡ ᠶᠢᠨ ᠡᠵᠡᠩᠨᠡᠯᠲᠡ ᠶᠢᠨ ᠠᠵᠢᠯᠯᠠᠭ᠎ᠠ ᠪᠠᠨ ᠵᠢᠷᠤᠮᠵᠢᠭᠤᠯᠵᠤ᠂ ᠲᠠᠷᠢᠶᠠᠯᠠᠩ ᠮᠠᠯ ᠤᠨ ᠡᠮ ᠬᠤᠳᠠᠯᠳᠤᠨ ᠠᠪᠤᠭᠴᠢ ᠳᠤ ᠵᠢᠯᠣᠭᠤᠳᠤᠯᠭ᠎ᠠ ᠬᠢᠵᠦ ᠮᠡᠳᠡᠭᠳᠡᠬᠦ ᠶᠢ ᠰᠠᠶᠢᠲᠤᠷ ᠬᠢᠬᠦ ᠬᠡᠷᠡᠭᠲᠡᠢ᠃ ᠬᠢᠨᠠᠨ ᠬᠠᠮᠢᠶᠠᠷᠬᠤ᠂ ᠪᠠᠶᠢᠴᠠᠭᠠᠨ ᠬᠡᠮᠵᠢᠬᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠥᠷᠭᠡᠨ ᠤᠯᠠᠨ ᠠᠵᠢᠯᠲᠠᠨ ᠴᠤ ᠡᠳᠡᠭᠡᠷ ᠪᠠᠶᠢᠳᠠᠯ ᠢ ᠡᠵᠡᠮᠰᠢᠨ ᠣᠶᠢᠯᠠᠭᠠᠵᠤ᠂ ᠠᠵᠢᠯ ᠢᠶᠠᠨ ᠥᠷᠨᠢᠭᠦᠯᠬᠦ ᠳᠡᠭᠡᠨ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠬᠢᠨᠠᠨ ᠬᠠᠮᠢᠶᠠᠷᠬᠤ ᠪᠠ ᠦᠢᠯᠡᠴᠢᠯᠡᠭᠡ ᠵᠢᠯᠣᠭᠤᠳᠤᠯᠭ᠎ᠠ ᠪᠠᠨ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号