ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠳᠤ᠂ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ | ᠬᠦᠷᠴᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ︽ᠰᠤᠷᠭᠠᠭᠤᠯᠢ ᠡᠬᠢᠯᠡᠭᠰᠡᠨ ᠠᠩᠬᠠᠨ ᠤ | ᠬᠢᠴᠢᠶᠡᠯ︾ ᠤᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠭᠠᠯ ᠰᠡᠷᠭᠡᠶᠢᠯᠡᠵᠦ ᠭᠠᠯ | ᠤᠨᠲᠠᠷᠠᠭᠠᠬᠤ ᠮᠡᠳᠡᠯᠭᠡ ᠶᠢᠨ ︽ᠲᠣᠮᠣ ᠪᠡᠯᠡᠭ︾ ᠬᠦᠷᠭᠡᠪᠡ᠃ | | | | | | 2 ᠰᠠᠷ᠎ᠠ ᠶᠢᠨ 17 ᠤ ᠡᠳᠦᠷ᠂ ᠲᠦᠴᠢᠦᠸᠠᠨ ᠰᠢᠶᠠᠨ ᠤ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠬᠥᠮᠦᠵᠢᠯ ᠤᠨ ᠣᠷᠳᠣᠨ ᠳᠤ᠂ ᠭᠠᠯ ᠤᠨᠲᠠᠷᠠᠭᠠᠬᠤ ᠤᠬᠠᠭᠤᠯᠤᠭᠴᠢ ᠲᠦᠴᠢᠦᠸᠠᠨ ᠰᠢᠶᠠᠨ ᠤ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠢ ᠳᠠᠭᠠᠭᠤᠯᠤᠨ ᠭᠠᠯ ᠤᠨᠲᠠᠷᠠᠭᠠᠬᠤ ᠬᠥᠭᠵᠢᠯᠲᠡ ᠶᠢᠨ | ᠲᠡᠦᠬᠡᠨ ᠲᠣᠭᠤᠷᠢᠭ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠦᠵᠡᠭᠦᠯᠭᠡ ᠶᠢᠨ ᠲᠣᠭᠤᠷᠢᠭ᠂ ᠭᠠᠯ | ᠤᠨᠲᠠᠷᠠᠭᠠᠬᠤ ᠲᠡᠮᠳᠡᠭ ᠤᠨ ᠲᠣᠭᠤᠷᠢᠭ᠂ ᠭᠠᠯ ᠤᠨᠲᠠᠷᠠᠭᠠᠬᠤ ᠶᠢ ᠪᠡᠶᠡᠴᠢᠯᠡᠨ ᠣᠶᠢᠯᠠᠭᠠᠬᠤ ᠲᠣᠭᠤᠷᠢᠭ᠂ VR ᠠᠮᠢ | ᠵᠢᠭᠤᠲᠠᠬᠤ ᠶᠢ ᠪᠡᠶᠡᠴᠢᠯᠡᠨ ᠣᠶᠢᠯᠠᠭᠠᠬᠤ ᠲᠣᠭᠤᠷᠢᠭ ᠵᠡᠷᠭᠡ ᠣᠯᠠᠨ ᠴᠢᠳᠠᠮᠵᠢᠳᠤ ᠲᠣᠭᠤᠷᠢᠭ ᠢ ᠲᠣᠭᠤᠷᠢᠨ ᠦᠵᠡᠪᠡ | ᠃ ᠠᠳᠠᠯᠢ ᠪᠤᠰᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠣᠷᠣᠨ ᠪᠠ ᠪᠡᠶ᠎ᠡ ᠪᠠᠷ ᠢᠶᠠᠨ ᠣᠶᠢᠯᠠᠭᠠᠬᠤ ᠪᠠᠷ | ᠳᠠᠮᠵᠢᠭᠤᠯᠤᠨ᠂ ᠭᠠᠯ ᠤᠨᠲᠠᠷᠠᠭᠠᠬᠤ ᠯᠤᠭ᠎ᠠ ︽ᠥᠴᠦᠬᠡᠨ ᠴᠦ ᠵᠠᠶ ᠦᠭᠡᠶ︾ ᠣᠶᠢᠷᠠᠲᠤᠬᠤ ᠶᠢ ᠪᠡᠶᠡᠯᠡᠭᠦᠯᠪᠡ᠃ | | | | | | ᠪᠠᠭᠠᠵᠢ ᠬᠡᠷᠡᠭᠰᠡᠯ ᠤᠨ ᠦᠵᠡᠭᠦᠯᠭᠡ ᠶᠢᠨ ᠲᠣᠭᠤᠷᠢᠭ ᠲᠤ᠂ ᠭᠠᠯ ᠤᠨᠲᠠᠷᠠᠭᠠᠬᠤ ᠤᠬᠠᠭᠤᠯᠤᠭᠴᠢ ᠠᠴᠠ ᠡᠯ᠎ᠡ | ᠵᠦᠢᠯ ᠤᠨ ᠴᠢᠳᠠᠮᠵᠢ ᠨᠢ ᠠᠳᠠᠯᠢ ᠪᠤᠰᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ᠂ | ᠬᠤᠪᠢ ᠬᠥᠮᠦᠨ ᠤ ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ ᠵᠡᠷᠭᠡ ᠶᠢ ᠲᠠᠨᠢᠯᠴᠠᠭᠤᠯᠵᠤ᠂ ᠳᠥᠭᠦᠮ | ᠣᠶᠢᠯᠠᠭᠠᠮᠵᠢᠲᠠᠢ ᠦᠭᠡ ᠪᠠᠷ ᠲᠤᠬᠠᠢ ᠶᠢᠨ ᠲᠠᠯᠠᠪᠠᠢ ᠶᠢᠨ ᠬᠥᠮᠦᠰ ᠢ ᠭᠠᠯ ᠤᠨᠲᠠᠷᠠᠭᠠᠬᠤ ᠲᠤᠬᠠᠢ ᠰᠢᠨ᠎ᠡ ᠲᠠᠨᠢᠯᠲᠠ | ᠲᠠᠢ ᠪᠣᠯᠭᠠᠪᠠ᠃ ᠡᠭᠦᠨ ᠤ ᠬᠠᠮᠲᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ | ᠤᠤᠯ ᠭᠠᠵᠠᠷ ᠲᠠᠭᠠᠨ ᠬᠤᠪᠴᠠᠰᠤᠯᠠᠬᠤ᠂ ᠭᠠᠯ ᠤᠨᠲᠠᠷᠠᠭᠠᠭᠤᠷ ᠬᠡᠷᠡᠭᠯᠡᠬᠦ᠂ ᠤᠰᠤᠨ ᠫᠤᠤ ᠤᠰᠤᠨ ᠪᠦᠰᠡ ᠶᠢ | ᠬᠤᠯᠪᠣᠬᠤ ᠬᠠᠮᠢᠶ᠎ᠠ ᠪᠥᠬᠦᠶ ᠲᠥᠷᠥᠯ ᠵᠦᠶᠯ ᠳᠤ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠬᠢᠵᠦ᠂ | ᠲᠣᠭᠤᠷᠢᠨ ᠦᠵᠡᠬᠦ ᠶᠠᠪᠤᠴᠠ ᠳᠤ ᠲᠣᠭᠤᠷᠢᠨ ᠦᠵᠡᠬᠦ ᠬᠥᠮᠦᠰ ᠢᠳᠡᠪᠬᠢᠲᠡᠶ ᠪᠠᠷ ᠪᠡᠶᠡᠴᠢᠯᠡᠨ ᠣᠶᠢᠯᠠᠭᠠᠵᠤ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠵᠢᠯ ᠯᠤᠭ᠎ᠠ ︽ᠵᠠᠢ ᠦᠭᠡᠢ ᠤᠶᠢᠷᠠᠳᠤᠵᠦ᠂ ᠭᠦᠨᠵᠡᠭᠡᠶ ᠣᠶᠢᠯᠠᠭᠠᠯᠲᠠ ᠲᠠᠢ᠂ | ᠨᠠᠷᠢᠨ ᠲᠥᠷᠥᠭᠳᠡᠯ ᠲᠠᠢ︾ ᠪᠠᠶᠢᠬᠤ ᠶᠢ ᠦᠨᠡᠨ ᠬᠦ ᠪᠡᠶᠡᠯᠡᠭᠦᠯᠪᠡ᠃ | | | | | | | ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠬᠥᠮᠦᠵᠢᠯ ᠤᠨ ᠣᠷᠳᠣᠨ ᠪᠣᠯ ᠭᠠᠯ ᠤᠨᠲᠠᠷᠠᠭᠠᠬᠤ ᠬᠥᠭᠵᠢᠯᠲᠡ ᠶᠢᠨ ᠲᠡᠦᠬᠡ᠂ ᠭᠠᠯ ᠤᠨᠲᠠᠷᠠᠭᠠᠬᠤ ᠪᠠᠭᠠᠵᠢ | ᠬᠡᠷᠡᠭᠰᠡᠯ ᠲᠣᠨᠣᠭᠯᠠᠯ ᠤᠨ ᠦᠵᠡᠭᠦᠯᠭᠡ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ᠂ | ᠭᠠᠯ ᠤᠨᠲᠠᠷᠠᠭᠠᠬᠤ ᠰᠣᠶᠣᠯ ᠤᠨ ᠪᠦᠲᠦᠭᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠣᠶᠢᠯᠠᠭᠠᠯᠲᠠ ᠶᠢ | ᠲᠥᠪᠯᠡᠷᠡᠭᠦᠯᠦᠭᠰᠡᠨ ᠶᠡᠷᠦᠩᠬᠡᠶᠢᠯᠡᠭᠰᠡᠨ ᠴᠢᠨᠠᠷᠲᠠᠢ ᠨᠡᠭᠡᠭᠡᠯᠲᠡᠲᠦ ᠮᠠᠶ᠋ᠢᠭ ᠤᠨ ᠲᠠᠯᠠᠪᠤᠷ ᠣᠷᠳᠣᠨ ᠪᠣᠯᠤᠨ᠎ᠠ᠂ ᠮᠥᠨ | ᠴᠦ ᠪᠦᠬᠦ ᠣᠷᠣᠨ ᠤ ᠬᠤᠰᠢᠭᠤ ᠰᠢᠶᠠᠨ ᠤ ᠱᠠᠲᠤᠨ ᠤ ᠠᠩᠬᠠᠳᠠᠭᠴᠢ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠣᠷᠳᠣᠨ ᠪᠣᠯᠤᠨ᠎ᠠ᠃ ᠲᠠᠯᠠᠪᠠᠶ ᠣᠷᠳᠣᠨ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠤᠭ | ᠤᠨ ᠲᠡᠷᠢᠭᠦᠨ ᠤ ᠵᠢᠷᠤᠭ ᠲᠥᠯᠥᠪᠯᠡᠭᠡ ᠶᠢᠨ ᠣᠨᠣᠯᠵᠢᠬᠤᠨ ᠢ ᠠᠭᠤᠰᠤᠯᠴᠠᠭᠤᠯᠵᠤ᠂ ᠠᠳᠡᠯ ᠤᠨ ᠲᠣᠮᠣ ᠳ᠋ᠠᠶᠢᠲ᠋ᠠ | ᠶᠢᠨ ᠵᠠᠳᠠᠯᠤᠯᠲᠠ ᠳᠤ ᠰᠠᠭᠤᠷᠢᠯᠠᠨ᠂ ᠣᠯᠠᠨ ᠡᠭᠦᠰᠬᠦ᠂ ᠠᠮᠠᠷᠬᠠᠨ ᠡᠭᠦᠰᠬᠦ ᠠᠳᠡᠯ ᠤᠨ ᠲᠥᠷᠥᠯ ᠬᠡᠯᠪᠡᠷᠢ ᠶᠢ | ᠪᠣᠯᠪᠠᠰᠤᠷᠠᠭᠤᠯᠵᠤ᠂ ᠣᠳᠣᠬᠠᠨ ᠤ ᠳᠡᠯᠡᠬᠡᠶ ᠳᠡᠭᠡᠷᠡᠬᠢ ᠨᠡᠯᠢᠶᠡᠳ ᠲᠡᠷᠢᠭᠦᠨ ᠤ VR ᠮᠡᠷᠭᠡᠵᠢᠯ ᠢ ᠬᠡᠷᠡᠭᠯᠡᠨ᠂ | ᠨᠡᠶᠢᠲᠡᠯᠢᠭ ᠠᠳᠡᠯ ᠢ ᠵᠠᠳᠠᠯᠬᠤ ᠪᠠ ᠰᠡᠷᠡᠮᠵᠢᠯᠡᠭᠦᠯᠬᠦ ᠪᠠᠷ ᠳᠠᠮᠵᠢᠭᠤᠯᠤᠨ᠂ ᠭᠠᠯ ᠰᠡᠷᠭᠡᠶᠢᠯᠡᠯᠲᠡ ᠶᠢᠨ ᠠᠮᠤᠷ | ᠲᠦᠪᠰᠢᠨ ᠤ ᠬᠥᠮᠦᠵᠢᠯ ᠤᠨ ᠠᠵᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ᠃ | | | | | | | ︽ᠲᠦᠴᠢᠦᠸᠠᠨ ᠶᠡᠭᠡ ᠠᠩᠭᠢ ᠨᠢ ︿ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ﹀ ᠢᠶᠠᠷ ᠠᠵᠠ ᠲᠣᠬᠢᠶᠠᠯ | ᠪᠣᠯᠭᠠᠵᠤ᠂ ᠠᠩᠭᠢ ᠥᠷᠲᠡᠭᠡ ᠶᠢ ᠨᠡᠭᠡᠭᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ | ᠭᠠᠵᠠᠷ ᠵᠡᠷᠭᠡ ᠳᠤ ᠲᠦᠰᠢᠭᠯᠡᠨ᠂ ︿ᠭᠠᠷᠴᠤ ᠶᠠᠪᠤᠬᠤ + ᠤᠷᠢᠵᠤ ᠠᠪᠴᠢᠷᠠᠬᠤ﹀ ᠠᠷᠭ᠎ᠠ ᠬᠡᠯᠪᠡᠷᠢ ᠪᠠᠷ | ᠳᠠᠮᠵᠢᠭᠤᠯᠤᠨ᠂ ᠭᠠᠯ ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ | ᠶᠢ ᠥᠷᠭᠡᠨ ᠢᠶᠠᠷ ᠥᠷᠨᠢᠭᠦᠯᠵᠦ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠪᠠ ᠥᠪᠡᠷ ᠢ ᠪᠠᠨ ᠰᠡᠷᠭᠡᠶᠢᠯᠡᠨ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠵᠦ᠂ | ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ︿ᠭᠠᠯ ᠰᠡᠷᠭᠡᠶᠢᠯᠡᠬᠦ ᠬᠡᠷᠡᠮ﹀ ᠢ | ᠪᠠᠲᠤ ᠪᠠᠬᠢ ᠪᠠᠶᠢᠭᠤᠯᠤᠨ᠎ᠠ᠃︾ ᠭᠡᠵᠦ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠶᠢᠨ ᠪᠢᠴᠢᠭ ᠤᠨ ᠲᠤᠰᠢᠶᠠᠯᠲᠠᠨ ᠰᠠᠷᠠᠭᠤᠯ ᠲᠠᠨᠢᠯᠴᠠᠭᠤᠯᠪᠠ᠃ | |