2 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠬᠡᠷᠡᠭᠵᠢᠭᠦᠯᠬᠦ ᠪᠠᠷ | ᠵᠢᠯᠣᠭᠤᠳᠤᠮᠵᠢ ᠪᠣᠯᠭᠠᠵᠤ᠂ ᠭᠤᠣᠯᠳᠠᠯᠭ᠎ᠠ ᠲᠠᠢ ᠠᠵᠤ ᠦᠢᠯᠡᠰ ᠪᠣᠯᠤᠨ ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠡᠷᠴᠢᠮ ᠢᠶᠠᠨ ᠴᠢᠩᠭᠠᠷᠠᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠮᠠᠯ ᠠᠵᠤ ᠠᠬᠤᠢ ᠲᠠᠷᠢᠶᠠᠯᠠᠩ ᠤᠨ | ᠬᠦᠷᠢᠶᠡᠨ ᠳᠠᠬᠢ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ︽ᠭᠠᠵᠠᠷ ᠰᠢᠷᠤᠢ᠂ ᠤᠰᠤ᠂ ᠦᠷ᠎ᠡ ᠪᠠ ᠠᠮᠤ | ᠪᠤᠳᠠᠭ᠎ᠠ᠂ ᠮᠢᠬ᠎ᠠ᠂ ᠰᠦ᠋ ︾ ᠵᠡᠷᠭᠡ 6 ᠭᠤᠣᠯᠳᠠᠯᠭ᠎ᠠ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ︽ᠠᠮᠤ | ᠪᠤᠳᠠᠭᠠᠨ ᠤ ᠦᠢᠯᠡᠳᠪᠦᠷᠢᠯᠡᠯ ᠬᠢᠭᠡᠳ ᠪᠤᠷᠤᠯᠠᠭᠤᠯᠭ᠎ᠠ ᠶᠢ ᠵᠤᠯᠭᠠᠭᠤᠯᠬᠤ ︾᠂ ︽ᠮᠠᠯ ᠲᠡᠵᠢᠭᠡᠨ ᠦᠷᠡᠵᠢᠭᠦᠯᠬᠦ | ᠬᠢᠭᠡᠳ ᠮᠠᠯ ᠤᠨ ᠠᠰᠢᠭ ᠰᠢᠮ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠬᠤ ︾᠂ ︽ | ᠲᠠᠷᠢᠮᠠᠯ ᠤᠨ ᠦᠢᠯᠡᠰ ᠬᠢᠭᠡᠳ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠦᠨ ᠪᠤᠯᠪᠠᠰᠤᠷᠠᠭᠤᠯᠬᠤ ᠶᠢ | ᠠᠭᠤᠰᠤᠯᠴᠠᠭᠤᠯᠤᠨ ᠬᠦᠭᠵᠢᠭᠦᠯᠬᠦ ︾ ᠠᠵᠢᠯ ᠢ ᠭᠦᠢᠴᠡᠳ ᠰᠠᠶᠢᠳᠤᠷ ᠬᠢᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ | ᠲᠤᠭᠤᠰᠢᠯᠠᠭᠤᠯᠬᠤ ᠭᠠᠷᠳᠠᠴᠠ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ | ︾᠂ ︽ᠲᠠᠪᠤᠨ ᠬᠠᠮᠲᠤ ᠶᠢᠨ ᠲᠠᠨᠢᠯᠲᠠ ︾ ᠵᠡᠷᠭᠡ ᠣᠶᠢᠯᠠᠭᠠᠭᠳᠠᠬᠤᠨ ᠢ ᠬᠥᠮᠦᠰ ᠤᠨ ᠰᠡᠳᠭᠢᠯ ᠳᠤ ᠨᠡᠩ | ᠭᠦᠨᠵᠡᠭᠡᠢ ᠬᠠᠳᠠᠩᠰᠢᠭᠤᠯᠬᠤ ᠬᠡᠷᠡᠭᠲᠡᠢ᠃ ᠬᠢᠯᠢ ᠳᠠᠭᠠᠤ ᠣᠷᠣᠨ ᠤ ᠨᠡᠬᠡᠬᠡᠯᠳᠡ ᠶᠢ ᠥᠷᠭᠡᠳᠭᠡᠵᠦ᠂ ᠬᠢᠯᠢ ᠬᠢᠵᠠᠭᠠᠷ | ᠣᠷᠣᠨ ᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠲᠠ ᠶᠢᠨ ᠵᠢᠶᠦ᠋ᠨ ᠯᠢᠶᠠᠨ | ᠰᠢᠶᠠᠨ ᠤ ᠠᠭᠤᠯᠠ ᠶᠡᠭᠦᠷᠡᠭᠰᠡᠨ ᠲᠤᠬᠠᠶ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠬᠢᠬᠦ ᠡᠨᠡ ᠬᠦ ᠬᠥᠪᠴᠢ ᠶᠢ ᠢᠮᠠᠭᠲᠠ ᠴᠢᠩᠭᠠᠯᠠᠨ᠂ ᠠᠭᠤᠷᠬᠠᠶ᠂ | ᠠᠶᠤᠯᠲᠠᠶ ᠬᠢᠮᠢ ᠶᠢᠨ ᠪᠤᠳᠠᠰ᠂ ᠵᠠᠮ ᠬᠠᠷᠢᠯᠴᠠᠭ᠎ᠠ᠂ ᠪᠠᠶᠢᠭᠠᠯᠢ ᠶᠢᠨ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ | ᠠᠵᠢᠯ ᠲᠥᠷᠥᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ | ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠤᠨ ᠤᠭᠲᠤᠬᠤ ᠲᠠᠶᠢᠯᠠᠯᠭ᠎ᠠ | ᠳᠡᠭᠡᠷᠡᠬᠢ ᠪᠠᠶᠠᠷ ᠤᠨ ᠦᠭᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠮᠥᠰᠥ ᠴᠠᠰᠤᠨ ᠳᠤ | ᠬᠤᠴᠢᠭᠳᠠᠭᠰᠠᠨ ᠮᠦᠩᠭᠦᠨ ᠴᠠᠭᠠᠨ ᠶᠢᠷᠲᠢᠨᠴᠦ ᠴᠤ ᠠᠯᠳᠠᠨ ᠠᠭᠤᠯᠠ ᠮᠥᠩᠭᠦᠨ ᠬᠠᠶᠢᠷᠬᠠᠨ ᠮᠥᠨ ︾ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠮᠥᠰᠥ ᠴᠠᠰᠤᠨ ᠤ ᠰᠣᠶᠣᠯ ᠪᠣᠯᠤᠨ ᠮᠥᠰᠥ ᠴᠠᠰᠤᠨ ᠤ ᠠᠵᠤ | ᠠᠬᠤᠢ ᠶᠢᠨ ᠬᠥᠭᠵᠢᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ | ᠴᠢᠩᠭᠠᠳᠬᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠦᠷᠢᠰᠦᠯᠳᠦᠬᠦ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠡᠨ ︾ ᠰᠡᠳᠬᠦᠯ ᠳᠤ ᠨᠡᠶᠢᠲᠡᠯᠡᠭᠳᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ | ᠬᠡᠷ ᠪᠦᠯᠢ ᠶᠢ ᠴᠢᠬᠤᠯᠠᠴᠢᠯᠠᠵᠤ᠂ ᠬᠡᠷ ᠤᠨ ᠬᠦᠮᠦᠵᠢᠯ ᠢ ᠴᠢᠬᠤᠯᠠᠴᠢᠯᠠᠵᠤ᠂ ᠬᠡᠷ ᠤᠨ ᠰᠤᠷᠲᠠᠯ ᠢ ᠴᠢᠬᠤᠯᠠᠴᠢᠯᠠᠬᠤ | ᠬᠡᠷᠡᠭᠲᠡᠶ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠬᠡᠷ ᠪᠦᠯᠢ᠂ ᠬᠡᠷ ᠤᠨ ᠬᠥᠮᠦᠵᠢᠯ᠂ ᠬᠡᠷ ᠤᠨ | ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ︽ᠨᠠᠮ ᠤᠨ ᠠᠴᠢ ᠳᠤ ᠲᠠᠯᠠᠷᠬᠠᠬᠤ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ ︾ ᠣᠯᠠᠨ ᠲᠦᠮᠡᠨᠴᠢ ᠬᠥᠮᠦᠵᠢᠯ ᠢ | ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠤ ᠠᠷᠠᠳ ᠲᠦᠮᠡᠨ ᠤ ᠤᠯᠤᠰ ᠢᠶᠠᠨ ᠬᠠᠶᠢᠷᠠᠯᠠᠬᠤ ᠪᠠ ᠬᠡᠷ ᠢᠶᠠᠨ | ᠬᠠᠶᠢᠷᠠᠯᠠᠬᠤ ᠶᠢ ᠨᠢᠭᠡᠳᠭᠡᠬᠦ ᠶᠢ ᠬᠥᠲᠥᠯᠥᠨ ᠵᠢᠯᠣᠭᠤᠳᠴᠤ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ | ᠴᠢᠭᠯᠡᠯ ᠢᠶᠠᠷ ᠡᠷᠡᠰ ᠭᠤᠶᠢᠪᠢᠰᠢ ᠥᠬᠡᠶ ᠤᠷᠤᠭᠰᠢᠯᠠᠬᠤ ᠬᠡᠷᠡᠭᠲᠡᠶ᠃ ᠪᠦᠬᠦ ᠣᠷᠣᠨ ᠤ ᠨᠠᠮ ᠤᠨ ᠭᠡᠰᠢᠭᠦᠨ᠂ ᠺᠠᠳ᠋ᠷ | ᠪᠣᠯᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ ︾ ᠵᠡᠷᠭᠡ ᠶᠢᠨ ᠤᠬᠠᠮᠰᠠᠷ ᠠᠴᠠ ᠪᠠᠨ ᠭᠡᠷ ᠪᠦᠯᠢ᠂ ᠭᠡᠷ ᠤᠨ | ᠬᠦᠮᠦᠵᠢᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠬᠤ ᠶᠢ ᠬᠥᠲᠥᠯᠥᠨ | ᠵᠢᠯᠣᠭᠤᠳᠴᠤ᠂ ᠪᠦᠬᠦ ᠨᠡᠶᠢᠭᠡᠮ ᠢ ᠳᠠᠶᠢᠴᠢᠯᠠᠨ ᠤᠯᠤᠰ ᠢᠶᠠᠨ ᠬᠠᠶᠢᠷᠠᠯᠠᠬᠤ ᠭᠡᠷ ᠪᠦᠯᠢ ᠪᠠᠨ ᠬᠠᠶᠢᠷᠠᠯᠠᠬᠤ᠂ | ᠬᠠᠷᠢᠯᠴᠠᠨ ᠬᠠᠶᠢᠷᠠᠯᠠᠬᠤ᠂ ᠦᠭᠡᠳᠡᠷᠬᠡᠭ ᠴᠠᠶᠢᠯᠭᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠪᠠᠰᠤᠨ ᠬᠡᠪ | ᠰᠤᠷᠲᠠᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ 2025 ᠣᠨ ᠤ ᠨᠢᠭᠡᠳᠦᠭᠡᠷ ᠤᠯᠠᠷᠢᠯ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ᠂ ︽ | ᠴᠢᠳᠠᠯ ᠠᠴᠠ ᠨᠢ ᠠᠬᠠᠳᠠᠭᠤᠯᠬᠤ ︾ ᠶᠢ ᠴᠡᠭᠴᠡᠯᠡᠨ ᠵᠠᠰᠠᠬᠤ ᠲᠠᠢ ᠨᠢᠭᠡᠳᠦᠯᠲᠡᠶ ᠲᠥᠯᠥᠪᠯᠡᠨ ᠨᠢᠭᠡ | ᠴᠣᠭᠴᠠᠵᠢᠭᠤᠯᠤᠨ ᠠᠬᠢᠭᠤᠯᠵᠤ᠂ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷ ᠢ | ᠰᠶᠢᠳᠪᠦᠷᠢᠯᠡᠬᠦ᠂ ᠦᠭᠡᠷᠡᠴᠢᠯᠡᠨ ᠰᠠᠶᠢᠵᠢᠷᠠᠭᠤᠯᠬᠤ᠂ ᠱᠠᠯᠠᠪᠳᠠᠭᠤᠯᠬᠤ ︾ ᠶᠢ ᠯᠠᠪᠳᠠᠭᠤᠨ ᠪᠠᠲᠤᠲᠠᠶ ᠰᠠᠶᠢᠲᠤᠷ | ᠠᠳᠬᠤᠵᠤ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ ︾ ᠤ ᠠᠰᠠᠭᠤᠳᠠᠯ ᠢ ᠦᠷᠭᠦᠯᠵᠢᠯᠡᠨ | ᠵᠠᠯᠠᠷᠠᠭᠤᠯᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠠᠵᠢᠯ ᠬᠢᠵᠦ ᠦᠢᠯᠡᠰ | ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠦᠨᠳᠦᠰᠦᠨ ᠱᠠᠲᠤᠨ ᠤ ︽ᠳᠠᠷᠤᠭᠠᠰᠤ | ᠬᠠᠮᠢᠭ᠎ᠠ ᠠᠴᠠ ᠢᠷᠡᠭᠰᠡᠨ ︾ ᠢ ᠬᠦᠨᠵᠡᠭᠡᠢ ᠰᠤᠳᠤᠯᠤᠨ᠂ ᠡᠬᠢ ᠡᠭᠦᠰᠦᠯ ᠢ ᠨᠢ ᠣᠨᠣᠪᠴᠢᠲᠠᠢ ᠡᠷᠢᠵᠦ᠂ | ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦ ᠠᠴᠠ ᠨᠢ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠣᠳᠣᠬᠠᠨ ᠤ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠴᠤ᠂ | ᠡᠯ᠎ᠡ ᠱᠠᠲᠤᠨ ᠤ ᠬᠢᠨ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠠᠴᠠ ᠲᠣᠭᠲᠠᠭᠠᠭᠰᠠᠨ ᠲᠣᠬᠢᠷᠠᠭᠤᠯᠤᠯᠲᠠ ᠶᠣᠰᠣᠭᠠᠷ᠂ ᠪᠣᠭᠤᠮᠲᠠ ᠰᠢᠪᠲᠤᠯᠬᠤ ᠬᠠᠨᠳᠤᠰᠢ ᠪᠠ | ᠰᠢᠪᠲᠤᠯᠤᠯᠲᠠ ᠶᠢᠨ ᠪᠠᠶᠢᠳᠠᠯ ᠢᠶᠠᠨ ᠪᠠᠲᠤᠯᠠᠵᠤ᠂ ᠬᠤᠷᠳᠤᠴᠠ ᠪᠠᠨ ᠲᠦᠷᠭᠡᠳᠭᠡᠨ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠮᠦᠩᠬᠦ | ᠣᠷᠣᠭᠤᠯᠤᠨ ᠠᠪᠴᠢᠷᠠᠬᠤ᠂ ᠬᠡᠷᠡᠭᠯᠡᠭᠡ ᠶᠢ ᠥᠷᠭᠡᠳᠭᠡᠬᠦ ᠵᠡᠷᠭᠡ ᠠᠵᠢᠯ ᠢ ᠠᠬᠢᠭᠤᠯᠵᠤ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠪᠠᠨ ᠤᠭᠳᠤ ᠰᠤᠯᠠᠷᠠᠭᠤᠯᠤᠯ ᠥᠬᠡᠶ ᠠᠳᠬᠤᠵᠤ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠬᠦᠴᠦᠯᠡᠨ ᠰᠢᠯᠢᠳᠡᠭᠵᠢᠭᠦᠯᠵᠦ᠂ ᠨᠢᠭᠡᠳᠦᠭᠡᠷ ᠤᠯᠠᠷᠢᠯ ᠤᠨ ᠠᠵᠤ | ᠠᠬᠤᠶ ᠶᠢᠨ ᠰᠠᠶᠢᠨ ᠡᠬᠢᠯᠡᠯᠲᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠲᠥᠷᠥ ᠶᠢᠨ | ᠨᠠᠮ ᠤᠨ ᠵᠥᠪᠯᠡᠬᠦ ᠲᠥᠯᠥᠪᠯᠡᠭᠡ ︾ ᠶᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |