ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/19
   2 ᠰᠠᠷ᠎ᠠ ᠶᠢᠨ 18 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠴᠧᠨ ᠭᠦᠸᠧ ᠮᠢᠩ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠼᠤᠤ ᠶᠦᠩ ᠰᠢᠨ᠂ ᠯᠠᠨ ᠰᠢᠶᠠᠨ ᠹᠧᠩ᠂ ᠴᠢᠦᠶ ᠲᠦᠩ ᠨᠢᠶᠠᠨ ᠵᠢᠴᠢ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠᠨ ᠱᠦᠶ ᠯᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠯᠢᠦ ᡁᠢ ᠹᠧᠩ᠂ ᠵᠠᠰᠠᠭ ᠤᠨ ᠣᠷᠳᠣᠨ ᠤ ᠠᠯᠪᠠᠨ ᠬᠡᠷ ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠬᠠᠷᠢᠭᠤᠴᠠᠯᠭᠠᠲᠠᠨ ᠵᠢᠴᠢ ᠣᠨᠴᠠ ᠤᠷᠢᠭᠰᠠᠨ 6 ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠂ ᠰᠢᠶᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠪᠡ᠂ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠭᠠᠨ ᠵᠦᠪᠯᠡᠭᠰᠡᠨ ᠪᠦᠬᠦ ᠰᠢᠶᠠᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠲᠤᠯᠠᠭᠠᠯᠠᠭ᠎ᠠ ᠶᠢᠨ ᠢᠨᠵᠧᠨᠧᠷᠢᠩ ᠶᠢᠨ ᠬᠡᠷᠡᠭᠵᠢᠭᠦᠯᠦᠯᠳᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠠᠵᠢᠯ ᠤᠨ ᠮᠡᠳᠡᠭᠦᠯᠦᠯᠲᠡ ᠶᠢᠨ ᠰᠠᠨᠠᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠰᠢᠶᠠᠨ ᠶᠢᠨ  ᠠᠷᠠᠳ ᠤᠨ ᠵᠠᠰᠠᠭ ᠤᠨ ᠤᠷᠳᠤᠨ ᠤ ᠰᠠᠨᠠᠯ ᠢ ᠰᠣᠨᠣᠰᠴᠤ ᠬᠢᠨᠠᠨ ᠵᠦᠪᠯᠡᠪᠡ᠃᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ᠂ ᠪᠠᠰᠠ ᠠᠵᠢᠯᠲᠠᠨ ᠢ ᠲᠣᠮᠢᠯᠠᠵᠤ ᠪᠠᠭᠤᠯᠭᠠᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠡᠷᠡ ᠳᠠᠷᠤᠢ ᠳᠤᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠴᠠᠭ ᠢᠮᠠᠭᠲᠠ ᠭᠠᠵᠠᠷ ᠪᠣᠯᠭᠠᠨ ᠳᠤ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠪᠠᠶᠢᠷᠢ ᠰᠠᠭᠤᠷᠢ ᠶᠢ ᠬᠠᠮᠠᠭᠠᠯᠠᠵᠤ᠂ ᠰᠢᠶᠠᠨ ᠤ ᠨᠠᠮ ᠤᠨ ᠬᠤᠷᠢᠶ᠎ᠠ ᠤᠷᠢᠶᠠᠯᠠᠭ᠎ᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠵᠢᠯᠯᠠᠭ᠎ᠠ ᠲᠠᠢ᠂ ᠰᠢᠶᠠᠨ ᠤ ᠨᠠᠮ ᠤᠨ ᠬᠤᠷᠢᠶ᠎ᠠ ᠱᠠᠭᠠᠷᠳᠠᠯᠭ᠎ᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠨᠢᠭᠡ᠂ ᠲᠠᠪᠤ᠂ ᠵᠢᠷᠭᠤᠭ᠎ᠠ᠂ ᠵᠢᠷᠭᠤᠭ᠎ᠠ︾ ᠪᠣᠯᠤᠨ ᠰᠢᠶᠠᠨ ᠤ ᠨᠠᠮ ᠤᠨ ᠬᠤᠷᠢᠶᠠᠨ ᠤ ᠪᠦᠬᠦ ᠭᠡᠰᠢᠭᠦᠳ ᠤᠨ ᠬᠤᠷᠠᠯ ᠠᠴᠠ ᠲᠣᠭᠲᠠᠭᠠᠭᠰᠠᠨ ︽ᠳᠤᠯᠤᠭᠠᠨ ᠲᠠᠯ᠎ᠠ ᠶᠢᠨ ᠵᠠᠩᠭᠢᠯᠠᠭ᠎ᠠ ᠶᠢᠨ ᠡᠭᠦᠷᠭᠡ︾ ᠵᠡᠷᠭᠡ ᠪᠠᠷ ᠭᠤᠣᠯᠳᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠴᠠᠭᠠᠷᠠᠭᠰᠠᠨ ᠡᠷᠳᠡᠮ ᠴᠢᠳᠠᠪᠤᠷᠢ ᠶᠢ ᠴᠢᠳᠠᠮᠠᠭᠠᠢ ᠬᠡᠷᠡᠭᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠤᠷᠤᠯᠴᠠᠠ ᠰᠡᠳᠬᠢᠬᠦ ᠪᠠᠨ ᠴᠢᠩᠭᠠᠳᠬᠠᠵᠤ᠂ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ ᠡᠷᠳᠡᠮ ᠴᠢᠳᠠᠪᠤᠷᠢ ᠪᠠᠨ ᠨᠠᠷᠢᠯᠢᠭ ᠰᠤᠷᠤᠯᠴᠠᠵᠦ᠂ ᠲᠤᠰᠬᠠᠢ ᠮᠡᠷᠭᠡᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠷᠡᠯᠬᠡᠭᠯᠡᠨ ᠤᠷᠤᠭᠰᠢᠯᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠰᠲ᠋ᠧᠮ ᠤᠨ ᠦᠵᠡᠯᠲᠡ᠂ ᠪᠦᠬᠦᠯᠢ ᠴᠣᠭᠴᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠰᠢᠶᠠᠨ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠷᠣᠨᠳᠣᠬᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠭᠤᠯᠭ᠎ᠠ ᠶᠢᠨ ᠳᠣᠲᠣᠭᠠᠳᠤ ᠶᠢᠨ ᠤᠯᠤᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠲᠠᠢ ᠪᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠰᠢᠨ᠎ᠡ ᠨᠢᠭᠡ ᠵᠢᠯ ᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠠᠬᠢᠨ ᠰᠢᠨ᠎ᠡ ᠵᠢᠳᠬᠦᠯ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号