ᠤᠶᠢᠷ᠎ᠠ ᠶᠢᠨ ᠬᠤᠭᠤᠴᠠᠭᠠᠨ ᠳᠤ᠂ ᠬᠦᠷ ᠨᠠᠷᠬᠢᠶᠠᠨ ᠲᠠᠢ ᠬᠦᠳᠡᠭᠡ ᠲᠤᠰᠬᠤᠨ ᠤ ᠠᠵᠢᠯ ᠤᠯᠭᠤᠯᠳᠠ ᠶᠢᠨ | ᠴᠤᠭᠯᠠᠭᠠᠨ ᠳᠤ ᠡᠯ᠎ᠡ ᠲᠦᠷᠦᠯ ᠤᠨ ᠠᠵᠢᠯ ᠤᠯᠭᠤᠯᠳᠠ ᠶᠢᠨ ᠦᠢᠯᠡᠴᠢᠯᠡᠭᠡᠨ ᠤ ᠠᠵᠢᠯᠯᠠᠭ᠎ᠠ ᠬᠤᠶᠢᠨ᠎ᠠ | ᠬᠤᠶᠢᠨ᠎ᠠ ᠠᠴᠠ ᠪᠠᠨ ᠶᠠᠪᠤᠭᠳᠠᠵᠦ᠂ ᠬᠦᠷᠦᠯᠴᠡᠨ ᠢᠷᠡᠭᠰᠡᠨ ᠤᠯᠠᠨ ᠲᠦᠮᠡᠨ ᠦᠪᠡᠷ ᠤᠨ ᠪᠡᠶ᠎ᠡ ᠳᠡᠭᠡᠨ ᠲᠤᠬᠢᠷᠠᠭᠰᠠᠨ | ᠠᠵᠢᠯ ᠢᠶᠠᠨ ᠰᠤᠩᠭᠤᠨ᠎ᠠ᠃ | ︽ᠠᠵᠢᠯᠲᠠᠨ ᠡᠯᠰᠡᠬᠦ ᠬᠤᠷᠠᠯ ᠨᠢ ᠮᠠᠨ ᠤ ᠨᠤᠲᠤᠭ ᠲᠠᠭᠠᠨ ᠪᠤᠴᠠᠭᠰᠠᠨ ᠤᠶᠤᠲᠠᠳ ᠲᠤ ᠠᠪᠴᠤ ᠬᠡᠯᠡᠪᠡᠯ | ᠮᠠᠰᠢ ᠰᠠᠶᠢᠨ ᠠᠵᠢᠯ ᠣᠯᠭᠤᠯᠲᠠ ᠶᠢᠨ ᠲᠠᠪᠴᠠᠩ ᠪᠣᠯᠵᠠᠢ᠂ ᠡᠨᠡ ᠤᠳᠠᠭ᠎ᠠ ᠶᠢᠨ ᠠᠵᠢᠯᠳᠠᠨ ᠡᠯᠰᠡᠬᠦ ᠬᠤᠷᠠᠯ ᠳᠤ | ᠮᠠᠰᠢ ᠤᠯᠠᠨ ᠠᠵᠦ ᠠᠬᠤᠶᠢᠯᠠᠯ ᠤᠷᠤᠯᠴᠠᠪᠠ᠂ ᠴᠠᠯᠢᠩ ᠬᠦᠯᠦᠰᠦ ᠨᠢ ᠴᠤ ᠨᠡᠯᠢᠶᠡᠤᠨ ᠵᠦᠭᠡᠷ᠂ ᠪᠢ ᠨᠢᠭᠡᠨᠳᠡ ᠮᠠᠰᠢ | ᠤᠯᠠᠨ ᠲᠤᠪᠴᠢ ᠨᠠᠮᠳᠠᠷ ᠪᠢᠴᠢᠵᠦ᠂ ᠡᠯᠰᠡᠭᠳᠡᠬᠦ ᠶᠢ ᠬᠦᠰᠡᠵᠦ ᠪᠠᠶᠢᠨ᠎ᠠ ︾ ᠭᠡᠵᠦ 2 ᠰᠠᠷ᠎ᠠ ᠶᠢᠨ 5 ᠤ ᠡᠳᠦᠷ | ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠺᠢᠨᠤ᠋ ᠦᠢᠯᠡᠳᠬᠦ ᠰᠠᠭᠤᠷᠢᠨ ᠭᠠᠵᠠᠷ ᠲᠤ ᠶᠠᠪᠤᠭᠳᠠᠭᠰᠠᠨ | ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠬᠯᠠᠭᠠᠨ ᠳᠤ ᠤᠷᠤᠯᠴᠠᠭᠰᠠᠨ ᠤᠶᠤᠳᠡᠨ ᠰᠤᠷᠭᠤᠭ ᠬᠡᠯᠡᠨ᠎ᠡ᠃ | ᠴᠠᠭᠠᠨ ᠰᠠᠷ᠎ᠠ ᠠᠴᠠ ᠡᠮᠦᠨᠡᠬᠢ ᠪᠠ ᠬᠤᠶᠢᠨᠠᠬᠢ ᠠᠵᠦ ᠠᠬᠤᠶᠢᠯᠠᠯ ᠤᠨ ᠠᠵᠢᠯᠳᠠᠨ ᠬᠡᠷᠡᠭᠯᠡᠬᠦ ᠦᠢᠯᠡᠴᠢᠯᠡᠭᠡᠨ ᠤ | ᠪᠠᠳᠤᠯᠠᠭ᠎ᠠ ᠶᠢ ᠰᠠᠶᠢᠳᠤᠷ ᠬᠢᠬᠦ ᠶᠢᠨ ᠲᠦᠯᠦᠭᠡ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠬᠦᠳᠡᠯᠮᠦᠷᠢᠴᠢᠳ ᠤᠨ ᠠᠵᠢᠯ ᠡᠷᠢᠬᠦ ᠠᠵᠢᠯ ᠰᠤᠩᠭᠤᠬᠤ | ᠣᠷᠭᠢᠯ ᠤᠨ ᠬᠤᠭᠤᠴᠠᠭ᠎ᠠ ᠪᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠭᠡᠨ ᠠᠵᠢᠯᠴᠢᠨ ᠬᠡᠷᠡᠭᠯᠡᠬᠦ | ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ ︾ | ᠣᠯᠠᠨ ᠡᠰᠢᠲᠦ ᠦᠢᠯᠡᠴᠢᠯᠡᠭᠡᠨ ᠤ ᠵᠠᠭᠪᠤᠷ ᠢ ᠭᠦᠨᠵᠡᠭᠡᠶᠢᠷᠡᠭᠦᠯᠦᠨ᠂ ᠠᠵᠢᠯ ᠡᠷᠢᠬᠦ ᠣᠯᠠᠨ ᠲᠦᠮᠡᠨ ᠪᠠ ᠠᠵᠢᠯᠲᠠᠨ | ᠡᠯᠰᠡᠬᠦ ᠠᠵᠤ ᠠᠬᠤᠶᠢᠯᠠᠯ ᠳᠤ ᠬᠠᠨᠳᠤᠭᠤᠯᠤᠨ ︽ᠴᠠᠭᠠᠨ ᠰᠠᠷ᠎ᠠ ᠳᠤ ᠡᠬᠦᠳᠡ ᠪᠠᠨ ᠬᠠᠭᠠᠬᠤ ᠦᠭᠡᠢ ︾ᠠᠵᠢᠯ | ᠤᠯᠭᠤᠯᠳᠠ ᠶᠢᠨ ᠦᠢᠯᠡᠴᠢᠯᠡᠭᠡ ᠬᠠᠩᠭᠠᠵᠦ᠂ ᠠᠵᠦ ᠠᠬᠤᠶᠢᠯᠠᠯ ᠪᠠ ᠬᠦᠳᠡᠯᠮᠦᠷᠢᠴᠢᠳ ᠲᠤ ᠨᠡᠪᠲᠡᠷᠡᠯᠴᠡᠨ | ᠰᠣᠯᠢᠯᠴᠠᠬᠤ ᠲᠠᠪᠴᠠᠩ ᠬᠠᠩᠭᠠᠨ ᠥᠭᠴᠦ᠂ ᠠᠵᠢᠯ ᠤᠨ ᠪᠠᠶᠢᠷᠢ ᠶᠢ ᠨᠠᠷᠢᠯᠢᠭ ᠤᠨᠤᠴᠠᠳᠠᠢ ᠵᠤᠯᠭᠠᠭᠤᠯᠵᠠᠢ᠃ | ︽ᠭᠡᠷ ᠤᠨ ᠡᠭᠦᠳᠡᠨ ᠳᠡᠭᠡᠨ ᠡᠶᠢᠮᠦ ᠣᠯᠠᠨ ᠠᠵᠢᠯᠲᠠᠨ ᠡᠯᠰᠡᠬᠦ ᠮᠡᠳᠡᠭᠡ ᠤᠯᠤᠨ᠎ᠠ ᠭᠡᠵᠦ ᠪᠤᠳᠤᠵᠦ ᠤᠯᠤᠭᠰᠠᠨ | ᠦᠭᠡᠢ᠂ ᠦᠨᠡᠭᠡᠷ ᠰᠠᠶᠢᠨ ᠪᠤᠯᠤᠯ᠎ᠠ ︾᠂ ︽ᠰᠢᠭᠤᠳ ᠨᠡᠪᠳᠡᠷᠡᠬᠦᠯᠭᠡ ᠪᠠᠷ ᠠᠵᠢᠯ ᠤᠨ ᠪᠠᠶᠢᠷᠢ ᠬᠠᠩᠭᠠᠬᠤ ᠨᠢ | ᠮᠠᠰᠢ ᠰᠢᠨ᠎ᠡ ᠰᠡᠪᠡᠬᠦᠨ ᠪᠠᠶᠢᠨ᠎ᠠ᠂ ᠠᠵᠢᠯ ᠡᠷᠢᠬᠦ ᠭᠡᠵᠦ ᠨᠠᠭᠠᠰᠢ ᠴᠠᠭᠠᠰᠢ ᠶᠠᠪᠤᠬᠤ ᠠᠴᠠ ᠵᠠᠶᠢᠯᠠᠰᠬᠢᠵᠦ᠂ ᠴᠠᠭ ᠪᠠ | ᠬᠦᠮᠦᠨ ᠤ ᠬᠦᠴᠦᠨ ᠳᠤ ᠮᠠᠰᠢ ᠠᠷᠪᠢᠳᠡᠢ ᠪᠤᠯᠬᠤᠷ ᠦᠷ᠎ᠠ ᠪᠦᠳᠦᠮᠵᠢ ᠮᠠᠰᠢ ᠰᠠᠶᠢᠨ ᠪᠠᠶᠢᠨ᠎ᠠ ︾ ᠁ ᠬᠦᠳᠡᠭᠡ | ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ ᠲᠡᠭᠡᠷ᠎ᠠ ᠠᠵᠢᠯ ᠡᠷᠢᠭ᠍ᠰᠡᠳ ᠪᠠ ᠬᠦᠮᠦᠨ ᠬᠡᠷᠡᠭᠯᠡᠬᠦ ᠨᠢᠭᠡᠴᠢ | ᠤᠳᠠᠭ᠎ᠠ ᠲᠠᠷᠠᠭᠠᠯᠠᠨ ᠮᠠᠭᠳᠠᠨ ᠰᠠᠶᠢᠰᠢᠶᠠᠵᠦ᠂ ᠬᠢᠩᠭᠠᠨ ᠠᠶᠢᠮᠠᠭ ᠤᠨ ᠠᠵᠢᠯ ᠤᠯᠭᠤᠯᠳᠠ ᠶᠢ ᠠᠬᠢᠭᠤᠯᠬᠤ | ᠠᠵᠢᠯᠯᠠᠭ᠎ᠠ ᠶᠢᠨ ᠰᠠᠶᠢᠨ ᠦᠷ᠎ᠠ ᠪᠦᠳᠦᠮᠵᠢ ᠶᠢ ᠬᠦᠢᠴᠡᠳ ᠬᠠᠷᠠᠭᠤᠯᠪᠠ᠃ | ︽ᠪᠢ ᠳᠡᠭᠡᠭᠡ ᠨᠡᠬᠡᠮᠡᠯ ᠬᠢᠬᠦ ᠰᠠᠭᠤᠷᠢ ᠲᠠᠢ᠂ ᠡᠶᠢᠮᠦ ᠭᠠᠷ ᠢᠶᠠᠷ ᠤᠶᠤᠬᠰᠡᠨ ᠦᠢᠯᠡᠳᠬᠦᠨ ᠢ ᠬᠢᠵᠦ ᠪᠣᠯᠤᠨ᠎ᠠ | ᠤᠤ ᠦᠭᠡᠢ ᠤᠤ ︖︾︽ᠰᠠᠷ᠎ᠠ ᠰᠤᠪᠢᠯᠠᠭᠴᠢ ᠶᠢᠨ ᠪᠤᠯᠪᠠᠰᠤᠷᠠᠯ ᠬᠦᠷᠳᠡᠬᠦ ᠨᠢ ᠬᠡᠳᠦᠨ ᠡᠳᠦᠷ ᠪᠤᠢ ︖ | ᠨᠠᠰᠤᠨ ᠤ ᠬᠢᠵᠠᠭᠠᠷᠯᠠᠯ ᠲᠠᠢ ᠤᠤ ︖︾ ᠪᠦᠬᠦ ᠠᠶᠢᠮᠠᠭ ᠤᠨ ᠡᠯ᠎ᠡ ᠬᠦᠳᠡᠭᠡ ᠲᠤᠰᠬᠤᠨ ᠤ ᠠᠵᠢᠯ ᠤᠯᠭᠤᠯᠳᠠ ᠶᠢᠨ | ᠴᠤᠭᠯᠠᠭᠠᠨ ᠳᠤ᠂ ᠮᠠᠰᠢ ᠤᠯᠠᠨ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠠᠵᠢᠯ ᠤᠨ ᠪᠠᠶᠢᠷᠢ ᠨᠢ ᠤᠯᠠᠨ ᠤ | ᠬᠦᠷᠢᠶᠡᠯᠡᠯ ᠢ ᠤᠯᠪᠠ᠃ ᠬᠢᠩᠭᠠᠨ ᠠᠶᠢᠮᠠᠭ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ ᠳᠤ | ᠲᠦᠰᠢᠭᠯᠡᠨ᠂ ᠭᠤᠤᠯᠳᠠᠯᠭ᠎ᠠ ᠲᠠᠢ ᠠᠵᠦ ᠦᠢᠯᠡᠰ ᠤᠨ ᠬᠡᠯᠬᠢᠶ᠎ᠡ᠂ ᠴᠢᠬᠤᠯᠠ ᠶᠡᠭᠡ ᠲᠦᠷᠦᠯ ᠵᠦᠢᠯ ᠪᠠ ᠵᠠᠬ᠎ᠠ | ᠲᠡᠯᠭᠡᠬᠦᠷ ᠤᠨ ᠬᠡᠷᠡᠭᠴᠡᠭᠡ ᠶᠢ ᠴᠢᠩᠭ᠎ᠠ ᠠᠩᠬᠠᠷᠴᠦ᠂ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠲᠦᠷᠦ ᠶᠢᠨ | ᠪᠤᠳᠤᠯᠭ᠎ᠠ ᠶᠢ ᠤᠬᠠᠭᠤᠯᠬᠤ᠂ ᠪᠤᠯᠪᠠᠰᠤᠷᠠᠯ ᠬᠦᠷᠳᠡᠬᠦ ᠬᠦᠰᠡᠯ ᠡᠷᠡᠮᠡᠯᠵᠡᠯ ᠤᠨ ᠪᠠᠶᠢᠴᠠᠭᠠᠯᠳᠠ ᠦᠷᠨᠢᠬᠦᠯᠬᠦ᠂ ᠲᠤᠰᠬᠠᠢ | ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠵᠠᠭᠪᠤᠷ ᠤᠨ ᠰᠢᠨ᠎ᠡ ᠶᠢ ᠡᠬᠦᠳᠬᠦ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ | ᠠᠭᠤᠯᠭ᠎ᠠ ᠶᠢ ᠰᠢᠯᠢᠳᠡᠭᠵᠢᠬᠦᠯᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠨᠠᠩ ᠣᠯᠠᠨ ᠬᠥᠳᠡᠯᠮᠦᠷᠢᠴᠢᠡ ᠢ ᠮᠡᠷᠭᠡᠵᠢᠯ | ᠴᠢᠳᠠᠪᠤᠷᠢ ᠲᠠᠢ ᠪᠤᠯᠭᠠᠪᠠ᠃ ᠤᠳᠤᠬᠠᠨ ᠪᠤᠯᠳᠠᠯ᠎ᠠ᠂ ᠪᠥᠬᠦ ᠠᠶᠢᠮᠠᠭ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ | ᠪᠤᠯᠪᠠᠰᠤᠷᠠᠯ ᠢ ᠨᠡᠶᠢᠲᠡ 20 ᠬᠤᠭᠤᠴᠠᠭ᠎ᠠ ᠥᠷᠨᠢᠭᠦᠯᠵᠦ᠂ 850 ᠬᠦᠮᠦᠨ ᠳᠤ ᠪᠤᠯᠪᠠᠰᠤᠷᠠᠯ ᠬᠦᠷᠳᠡᠭᠡᠪᠡ᠃ | ︽ᠡᠨᠡᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠳᠤ ᠤᠷᠤᠯᠴᠠᠬᠤ ᠳᠤ ᠮᠠᠰᠢ ᠳᠥᠭᠦᠮ᠂ ᠲᠡᠷᠡ ᠮᠥᠷᠲᠡᠭᠡᠨ | ᠭᠡᠷ ᠤᠨ ᠠᠵᠢᠯ ᠬᠢᠬᠦ ᠪᠠ ᠬᠡᠦᠬᠡᠳ ᠢᠶᠠᠨ ᠬᠠᠷᠠᠭᠠᠯᠵᠠᠬᠤ ᠶᠢ ᠰᠠᠭᠠᠲᠠᠭᠠᠬᠤ ᠦᠭᠡᠶ ᠪᠠᠷ ᠰᠠᠷ᠎ᠠ ᠪᠦᠷᠢ 1000 ᠭᠠᠷᠤᠶ | ᠲᠥᠭᠦᠷᠢᠭ ᠤᠨ ᠰᠤᠯᠠ ᠵᠠᠷᠤᠬᠤ ᠵᠣᠭᠤᠰ ᠣᠯᠳᠠᠭ ︾ ᠭᠡᠵᠦ ᠲᠦᠴᠢᠦᠸᠠᠨ ᠰᠢᠶᠠᠨ ᠤ ᠭᠤᠤ ᠶᠦᠨ ᠰᠢᠤᠸᠠᠢ ᠭᠠᠷ | ᠤᠷᠠᠯᠠᠯ ᠤᠨ ᠨᠡᠬᠡᠮᠡᠯ ᠤᠨ ᠪᠣᠯᠪᠠᠰᠤᠷᠠᠯ ᠳᠤ ᠣᠷᠣᠯᠴᠠᠭᠰᠠᠨ ᠤ ᠲᠠᠷᠠᠭ᠎ᠠ ᠪᠠᠶᠠᠷᠳᠠᠢ ᠪᠠᠷ ᠬᠡᠯᠡᠨ᠎ᠡ᠃ | ᠰᠦᠯᠵᠢᠶᠡᠨ ᠳᠡᠭᠡᠷ᠎ᠡ᠂ ᠰᠦᠯᠵᠢᠶ᠎ᠡ ᠪᠠᠷ ᠠᠵᠢᠯᠲᠠᠨ ᠡᠯᠰᠡᠬᠦ ᠲᠠᠪᠴᠠᠩ 24 ᠴᠠᠭ ᠲᠤ ︽ᠡᠭᠦᠳᠡ ᠪᠠᠨ | ᠬᠠᠭᠠᠬᠤ ᠥᠬᠡᠶ ︾ ᠪᠠᠷ ᠦᠢᠯᠡᠴᠢᠯᠡᠨ᠎ᠡ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠬᠢᠩᠭᠠᠨ ᠠᠶᠢᠮᠠᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠳᠦᠷ ᠪᠦᠷᠢ | ᠲᠣᠭᠲᠠᠭᠰᠠᠨ ᠴᠠᠭ ᠢᠶᠠᠷ ︽ᠬᠢᠩᠭᠠᠨ ᠠᠶᠢᠮᠠᠭ ᠤᠨ ᠠᠵᠢᠯ ᠣᠯᠭᠤᠯᠲᠠ ︾ ᠭᠡᠬᠦ ᠸᠢᠴᠠᠲ ᠤᠨ ᠨᠡᠶᠢᠳᠡ ᠶᠢᠨ | ᠨᠤᠮᠧᠷ ᠲᠤ ᠠᠵᠢᠯ ᠤᠨ ᠪᠠᠶᠢᠷᠢ ᠶᠢᠨ ᠮᠡᠳᠡᠭᠡ ᠵᠠᠩᠬᠢ ᠶᠢ ᠰᠢᠨᠡᠳᠭᠡᠬᠦ ᠶᠢᠨ ᠬᠠᠮᠳᠦ ᠬᠢᠩᠭᠠᠨ ᠠᠶᠢᠮᠠᠭ ᠤᠨ | ︽AI︾ᠲᠣᠭᠠᠴᠢᠯᠠᠭᠰᠠᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠨ᠂ ᠨᠡᠶᠢᠳᠡ 262 ᠴᠠᠭ | ᠰᠢᠭᠤᠳ ᠨᠡᠪᠲᠡᠷᠡᠭᠦᠯᠭᠡ ᠬᠢᠵᠦ᠂ ᠬᠦᠯᠢᠶᠡᠨ ᠠᠪᠴᠦ ᠦᠵᠡᠭᠰᠡᠨ ᠬᠦᠮᠦᠨ ᠤ ᠲᠤᠭ᠎ᠠ 9.4 ᠲᠦᠮᠡᠨ ᠬᠥᠮᠦᠨ ︵ | ᠤᠳᠠᠭ᠎ᠠ ︶ ᠳᠤ ᠬᠦᠷᠴᠦ᠂ ᠰᠦᠯᠵᠢᠶᠡᠨ ᠳᠡᠭᠡᠷ᠎ᠡ 147 ᠬᠥᠮᠦᠨ ᠳᠤ ᠠᠵᠢᠯ ᠣᠯᠭᠤᠬᠤ ᠰᠠᠨᠠᠮᠵᠢ ᠶᠢᠨ ᠪᠢᠴᠢᠭ | ᠲᠤᠭᠳᠠᠭᠰᠠᠨ ᠪᠠᠶᠢᠨ᠎ᠠ᠃ | ᠰᠦᠯᠵᠢᠶᠡᠨ ᠭᠠᠳᠠᠨ᠎ᠠ᠂ ᠬᠤᠲᠠ ᠬᠥᠳᠡᠭᠡ ᠪᠦᠷᠬᠦᠭᠰᠡᠨ 160 ︽ᠬᠡᠷ ᠤᠨ ᠡᠭᠦᠳᠡᠨ ᠳᠠᠬᠢ ︾ ᠠᠵᠢᠯ | ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠳᠤ ᠲᠦᠰᠢᠭᠯᠡᠨ᠂ ᠬᠥᠳᠡᠭᠡ ᠲᠣᠰᠬᠤᠨ ᠤ ᠠᠵᠢᠯ ᠣᠯᠭᠤᠯᠲᠠ ᠶᠢᠨ | ᠴᠤᠭᠯᠠᠭᠠᠨ ᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠬᠦᠮᠦᠨ ᠠᠮᠠ ᠶᠢᠨ ᠲᠤᠭ᠎ᠠ ᠪᠠᠷ ᠨᠡᠯᠢᠶᠡᠳ ᠶᠡᠭᠡ | ᠲᠤᠰᠬᠤᠨ ︵ᠨᠡᠶᠢᠭᠡᠮ ᠲᠤᠭᠤᠷᠢᠭ ︶᠂ ᠴᠤᠭᠯᠠᠭ᠎ᠠ ᠮᠠᠶᠢᠮᠠᠢ᠂ ᠬᠤᠳᠠᠯᠳᠤᠭᠠᠨ ᠤ ᠴᠢᠯᠦᠭᠡᠳᠦ ᠲᠡᠯᠭᠡᠬᠦᠷ ᠵᠡᠷᠭᠡ | ᠲᠠᠯᠠᠪᠤᠷ ᠲᠤ ᠠᠵᠢᠯᠳᠠᠨ ᠡᠯᠰᠡᠬᠦ ᠬᠤᠷᠠᠯ ᠢ ᠡᠷᠬᠢᠯᠡᠬᠦ ᠪᠠᠷ ᠲᠠᠮᠵᠢᠨ᠂ ᠠᠵᠢᠯ ᠤᠨ ᠪᠠᠶᠢᠷᠢ ᠶᠢ ᠣᠯᠠᠨ ᠲᠦᠮᠡᠨ ᠤ | ᠳᠡᠷᠭᠡᠳᠡ ᠬᠦᠷᠭᠡᠪᠡ᠃ ᠤᠳᠤᠬᠠᠨ ᠪᠤᠯᠳᠠᠯ᠎ᠠ᠂ ᠬᠦᠳᠡᠭᠡ ᠲᠤᠰᠬᠤᠨ ᠤ ᠠᠵᠢᠯ ᠤᠯᠭᠤᠯᠳᠠ ᠶᠢᠨ ᠴᠤᠭᠯᠠᠭᠠᠨ ᠢ | ᠨᠡᠶᠢᠳᠡ 77 ᠲᠠᠯᠠᠪᠤᠷ ᠡᠷᠬᠢᠯᠡᠵᠦ᠂ 1.39 ᠲᠦᠮᠡᠨ ᠠᠵᠢᠯ ᠤᠨ ᠪᠠᠶᠢᠷᠢ ᠬᠠᠩᠭᠠᠨ᠂ 876 ᠬᠥᠮᠦᠨ ᠲᠠᠢ ᠠᠵᠢᠯ | ᠣᠯᠭᠤᠬᠤ ᠰᠠᠨᠠᠮᠵᠢ ᠶᠢᠨ ᠪᠢᠴᠢᠭ ᠲᠤᠭᠳᠠᠵᠦ᠂ ᠡᠭᠦᠨ ᠳᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ 132 | ᠪᠠᠶᠢᠨ᠎ᠠ᠃ |