ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ 2024 ᠣᠨ ᠳᠤ 1.2 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠨᠠᠶᠢᠳᠠᠪᠤᠷᠢᠵᠢᠭᠤᠯᠵᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠪᠡ
ᠨᠡᠶᠢᠲᠡᠯᠡᠭᠰᠡᠨ ᠴᠠᠭ᠄
2025/2/20
   ᠬᠡᠷᠡᠭᠯᠡᠭᠡ ᠪᠣᠯ ᠠᠵᠤ ᠠᠬᠤᠶ ᠶᠢᠨ ᠨᠡᠮᠡᠭᠳᠡᠯ ᠢ ᠲᠦᠯᠬᠢᠨ ᠠᠬᠢᠭᠤᠯᠬᠤ ᠴᠢᠬᠤᠯᠠ ᠬᠦᠴᠦᠨ ᠪᠤᠯᠤᠨ᠎ᠠ᠃ ᠨᠢᠳᠤᠨᠤᠨ ᠵᠢᠯ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠬᠡᠷᠡᠭᠯᠡᠭᠡ ᠶᠢ ᠠᠬᠢᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠡᠷᠡᠭᠯᠡᠭᠡᠨ ᠤ ᠵᠦᠢᠯ ᠤᠨ︽ᠬᠠᠭᠤᠴᠢᠨ ᠢᠶᠠᠷ ᠰᠢᠨ᠎ᠡ ᠶᠢ ᠰᠣᠯᠢᠬᠤ ︾ ᠤᠷᠳᠦ ᠬᠤᠭᠤᠴᠠᠭᠠᠨ ᠤ ᠤᠨᠴᠠᠭᠠᠢ ᠤᠯᠤᠰ ᠤᠨ ᠵᠢᠭᠡᠯᠡᠯᠭᠡ ᠶᠢ ᠨᠡᠶᠢᠳᠡ 1.18 ᠳ᠋ᠦᠩᠰᠢᠭᠤᠷ ᠲᠦᠭᠦᠷᠢᠭ ᠭᠤᠶᠤᠴᠢᠯᠠᠵᠦ᠂ ᠪᠠᠯᠠ ᠮᠥᠩᠭᠦ ᠰᠢᠯᠵᠢᠭᠦᠯᠦᠨ ᠥᠭᠭᠦᠭᠰᠡᠨ ᠨᠣᠷᠮ᠎ᠠ 100% ᠳᠤ ᠬᠦᠷᠴᠦ᠂ 8.5 ᠳ᠋ᠦᠩᠰᠢᠭᠤᠷ ᠲᠦᠭᠦᠷᠢᠭ ᠤᠨ ᠬᠡᠷᠡᠭᠯᠡᠭᠡ ᠶᠢ ᠰᠢᠭᠤᠳ ᠲᠠᠶᠢᠴᠢᠯᠠᠨ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠨ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠳᠡᠯᠭᠡᠭᠴᠢ ᠬᠦᠴᠦᠨ ᠨᠡᠮᠡᠷᠢᠯᠡᠪᠡ᠃    ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠭᠡᠷ ᠤᠨ ᠴᠢᠮᠡᠭᠯᠡᠯ ᠲᠤᠭᠤᠭᠠᠨ ᠭᠡᠷ ᠠᠷᠢᠭᠤᠨ ᠴᠡᠪᠡᠷ ᠤᠨ ᠳᠠᠰᠤᠬ ᠤᠨ ᠭᠡᠷᠡᠭᠰᠡᠯ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠳᠥᠷᠪᠡᠨ ᠶᠡᠭᠡ ᠲᠥᠷᠥᠯ ᠤᠨ ᠲᠠᠸᠠᠷ ᠤᠨ ᠬᠦᠷᠢᠶᠡᠨ ᠳᠤ ᠠᠩᠬᠠᠷᠤᠯ ᠢᠶᠠᠨ ᠲᠦᠪᠯᠡᠷᠡᠬᠦᠯᠵᠦ᠂ ᠬᠡᠷᠡᠭᠯᠡᠭᠡ ᠶᠢᠨ ᠬᠡᠪᠴᠢᠶ᠎ᠡ ᠶᠢ ᠦᠷᠭᠡᠳᠭᠡᠨ ᠲᠡᠰ ᠲᠡᠪᠰᠢᠬᠦᠯᠬᠦ ᠶᠢ ᠠᠬᠢᠭᠤᠯᠪᠠ᠃ ᠪᠦᠬᠦ ᠠᠶᠢᠮᠠᠭ ᠤᠨ ᠳᠥᠷᠪᠡᠨ ᠶᠡᠭᠡ ᠲᠥᠷᠥᠯ ᠤᠨ ᠲᠠᠸᠠᠷ ᠤᠨ ᠬᠡᠷᠡᠭᠯᠡᠭᠡ ᠳᠤ ᠨᠡᠶᠢᠳᠡ 1.2 ᠳ᠋ᠦᠩᠰᠢᠭᠤᠷ ᠲᠦᠭᠦᠷᠢᠭ ᠨᠦᠬᠦᠪᠦᠷᠢᠯᠡᠵᠦ᠂ 3.2 ᠲᠦᠮᠡ ᠭᠠᠷᠤᠶ ᠬᠥᠮᠦᠨ︵ᠤᠳᠠᠭ᠎ᠠ ︶ᠠᠰᠢᠬ ᠭᠥᠷᠳᠡᠵᠥ᠂ ᠬᠢᠵᠠᠭᠠᠷᠯᠠᠭᠰᠠᠨ ᠦᠨ᠎ᠡ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ᠂ ᠬᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠢ ᠴᠥᠮ 3.8 % ᠳᠡᠭᠡᠭᠰᠢᠯᠡᠵᠡᠶ᠂ ᠡᠭᠦᠨ ᠳᠤ 3500 ᠭᠠᠷᠤᠢ ᠮᠠᠰᠢᠨ ᠲᠡᠷᠭᠡᠨ ᠳᠤ ᠬᠡᠷᠡᠭᠯᠡᠭᠡᠨ ᠠᠴᠠ ᠭᠠᠷᠭᠠᠵᠤ ᠰᠢᠨᠡᠳᠭᠡᠬᠦ᠂ 3700 ᠭᠠᠷᠤᠢ ᠮᠠᠰᠢᠨ ᠲᠡᠷᠭᠡᠨ ᠳᠤ ᠰᠤᠯᠢᠵᠦ ᠰᠢᠨᠡᠳᠭᠡᠬᠦ ᠨᠦᠬᠦᠪᠦᠷᠢ᠂ 2.4 ᠭᠠᠷᠤᠢ ᠲᠦᠮᠡᠨ ᠬᠡᠷ ᠤᠨ ᠴᠠᠬᠢᠯᠭᠠᠨ ᠬᠡᠷᠡᠭᠰᠡᠯ ᠪᠠ ᠬᠡᠷ ᠤᠨ ᠴᠢᠮᠡᠭᠯᠡᠯ ᠲᠣᠭᠤᠭᠠᠨ ᠬᠡᠷ ᠠᠷᠢᠭᠤᠨ ᠴᠡᠪᠡᠷ ᠤᠨ ᠲᠠᠰᠤᠭ ᠤᠨ ᠬᠡᠷᠡᠭᠰᠡᠯ ᠳᠤ ︽ᠬᠠᠭᠤᠴᠢᠨ ᠢᠶᠠᠷ ᠰᠢᠨ᠎ᠡ ᠶᠢ ᠰᠣᠯᠢᠭᠤ ︾ ᠨᠥᠬᠦᠪᠥᠷᠢ ᠦᠭᠴᠦ᠂ ᠦᠨᠡᠨ ᠪᠣᠳᠠᠲᠠᠶ ᠬᠠᠷᠠᠭᠠᠯᠵᠠᠯ ᠢ ᠦᠷᠭᠡᠨ ᠤᠯᠠᠨ ᠬᠡᠷᠡᠭᠯᠡᠭᠴᠢ ᠳᠤ ᠬᠦᠷᠭᠡᠭᠰᠡᠨ ᠪᠠᠶᠢᠨ᠎ᠠ᠃    2025 ᠣᠨ ᠳᠤ᠂ ᠬᠢᠩᠭᠠᠨ ᠠᠶᠢᠮᠠᠭ ᠤᠨ ᠡᠳ᠋ ᠤᠨ ᠵᠠᠰᠠᠭ ᠠᠴᠠ ᠬᠡᠷᠡᠭᠯᠡᠭᠡ ᠶᠢ ᠶᠡᠬᠡᠪᠡᠷ ᠳᠡᠭᠡᠭᠰᠢᠯᠡᠭᠦᠯᠬᠦ ᠶᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠴᠢᠬᠤᠯᠠ ᠬᠦᠴᠦᠯᠡᠬᠦ ᠴᠡᠭ ᠪᠣᠯᠭᠠᠵᠤ᠂ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠶᠢ ᠲᠡᠮᠵᠢᠬᠦ ᠭᠤᠤᠯᠳᠠᠯᠭ᠎ᠠ ᠲᠠᠢ ᠬᠦᠷᠢᠶ᠎ᠡ᠂ ᠪᠤᠳᠠᠳᠠᠢ ᠡᠬᠦᠷᠭᠡ᠂ ᠲᠡᠮᠵᠢᠬᠦ ᠪᠠᠷᠢᠮᠵᠢᠶ᠎ᠡ ᠶᠢ ᠬᠦᠴᠦᠯᠡᠨ ᠦᠷᠭᠡᠳᠭᠡᠵᠦ᠂ ᠪᠡᠯᠡ ᠣᠷᠣᠭᠤᠯᠤᠯᠲᠠ ᠬᠡᠷᠡᠭᠯᠡᠭᠡᠨ ᠤ ᠳᠠᠯᠳᠠ ᠬᠦᠴᠦᠨ ᠢ ᠦᠷᠬᠦᠯᠵᠢᠯᠡᠨ ᠪᠠᠳᠠᠷᠠᠭᠤᠯᠵᠦ᠂ ᠬᠡᠷᠡᠭᠯᠡᠭᠡ ᠶᠢ ᠠᠬᠢᠭᠤᠯᠬᠤ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶ ᠶᠢᠨ ᠬᠦᠭᠵᠢᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠪᠤᠯᠤᠨ᠎ᠠ᠃
 
ᠢᠷᠡᠯᠲᠡ᠄ ᠤᠯᠠᠭᠠᠨᠬᠤᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号