ᠬᠢᠨᠭ᠍ᠭᠠᠨ ᠠᠶᠢᠮᠠᠭ ᠡᠮᠴᠢᠯᠡᠬᠡᠨ ᠤ ᠦᠢᠯᠡᠴᠢᠯᠡᠭᠡ ᠪᠠᠨ ᠰᠠᠶᠢᠵᠢᠷᠠᠭᠤᠯᠵᠦ ᠨᠠᠰᠦᠳᠠᠶᠢᠴᠤᠳ ᠲᠤ ᠲᠦᠬᠦᠮ ᠦᠵᠡᠬᠦᠯᠵᠦ ᠪᠤᠢ
ᠨᠡᠶᠢᠲᠡᠯᠡᠭᠰᠡᠨ ᠴᠠᠭ᠄
2025/2/20
   ᠤᠳᠤᠬᠠᠨ ᠳᠤ᠂ ᠨᠠᠰᠦᠳᠠᠶᠢᠴᠤᠳ ᠤᠨ ᠰᠦᠯᠵᠢᠶᠡᠨ ᠲᠡᠭᠡᠷ᠎ᠡ ᠳ᠋ᠤᠭᠠᠷᠯᠠᠵᠦ ᠴᠢᠳᠠᠬᠤ ᠦᠬᠡᠢ᠂ ᠡᠪᠡᠳᠴᠢᠨ ᠦᠵᠡᠬᠦᠯᠬᠦ ᠶᠠᠪᠤᠴᠠ ᠶᠢ ᠲᠤᠳᠤᠷᠬᠠᠢ ᠮᠡᠳᠡᠬᠦ ᠦᠬᠡᠢ ᠵᠡᠷᠭᠡ ︽ᠡᠮᠴᠢᠯᠡᠬᠦᠯᠬᠦ ᠳᠤ ᠬᠦᠴᠢᠷ ︾ᠠᠰᠠᠭᠤᠳᠠᠯ ᠨᠢ ᠪᠦᠬᠦ ᠨᠡᠶᠢᠬᠡᠮ ᠢᠶᠠᠷ ᠢᠶᠠᠨ ᠠᠩᠬᠠᠷᠴᠦ ᠪᠠᠶᠢᠭ᠎ᠠ ᠠᠰᠠᠭᠤᠳᠠᠯ ᠤᠨ ᠨᠢᠬᠡ ᠨᠢ ᠪᠤᠯᠵᠠᠢ᠃ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ᠂ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠡᠮᠴᠢᠯᠡᠬᠡᠨ ᠤ ᠦᠢᠯᠡᠴᠢᠯᠡᠭᠡ ᠪᠠᠨ ᠰᠠᠶᠢᠵᠢᠷᠠᠭᠤᠯᠬᠤ ᠰᠢᠷᠢᠰ ᠠᠷᠭ᠎ᠠ ᠬᠡᠮᠵᠢᠶ᠎ᠡ ᠠᠪᠴᠦ᠂ ᠲᠤᠬᠠᠢ ᠶᠢᠨ ᠭᠠᠵᠠᠷ ᠤᠨ ᠨᠠᠰᠦᠳᠠᠶᠢᠴᠤᠳ ᠲᠤ ᠲᠦᠬᠦᠮ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠦ ᠦᠭᠴᠦ ᠪᠠᠶᠢᠨ᠎ᠠ᠃    ᠲᠦᠷᠦᠬᠦᠬᠡᠨ᠂ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ 65 ᠪᠦᠬᠦᠯᠢ ᠨᠠᠰᠦᠨ ᠠᠴᠠ ᠲᠡᠭᠡᠭᠰᠢᠬᠢ ᠦᠷ᠎ᠡ ᠬᠡᠤᠬᠡᠳ ᠨᠢ ᠲᠡᠷᠬᠡᠳᠡ ᠨᠢ ᠪᠠᠶᠢᠬᠤ ᠦᠬᠡᠢ ᠨᠠᠰᠦᠳᠠᠶᠢᠴᠤᠳ ᠲᠤ ᠴᠢᠭᠯᠡᠬᠦᠯᠦᠨ᠂ ᠨᠢᠬᠡ ᠦᠷᠳᠡᠭᠡ ᠮᠠᠶ᠋ᠢᠭ ᠤᠨ ᠲᠦᠯᠦᠪᠦᠷᠢ ᠦᠬᠡᠢ ᠪᠠᠷ ᠬᠠᠨᠢ ᠪᠤᠯᠵᠦ ᠬᠠᠪᠰᠦᠷᠦᠨ ᠡᠮᠴᠢᠯᠡᠬᠦᠯᠬᠦ ᠦᠢᠯᠡᠴᠢᠯᠡᠭᠡ ᠬᠠᠨᠭ᠍ᠭᠠᠵᠦ᠂ ᠤᠯᠠᠨ ᠲᠦᠮᠡᠨ ᠤ ᠬᠠᠯᠠᠭᠤᠨ ᠬᠦᠷᠢᠶᠡᠯᠡᠯ ᠢ ᠤᠯᠵᠠᠢ᠃ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠡᠬᠦᠳᠡᠨ ᠡᠮᠨᠡᠯᠬᠡ ᠶᠢᠨ ᠲᠢᠩᠬᠢᠮ᠂ ᠪᠠᠶᠢᠴᠠᠭᠠᠬᠤ ᠰᠠᠯᠠᠭ᠎ᠠ᠂ ᠬᠡᠳᠦ ᠲᠤᠯᠬᠢᠶᠠᠨ ᠤ ᠲᠠᠰᠤᠭ ᠵᠡᠷᠭᠡ ᠰᠠᠯᠠᠭ᠎ᠠ ᠳᠠᠰᠤᠬ ᠢᠶᠠᠷ ᠤᠯᠠᠭᠠᠨ ᠬᠠᠨᠵᠢᠶᠡᠷᠢ ᠡᠮᠦᠰᠦᠭᠰᠡᠨ ᠡᠮᠴᠢᠯᠡᠬᠦᠯᠬᠦ ᠳᠤ ᠬᠠᠨᠢ ᠪᠤᠯᠵᠦ ᠪᠠᠶᠢᠭ᠎ᠠ ᠠᠵᠢᠯᠳᠠᠠ ᠨᠠᠰᠦᠳᠠᠳ ᠢ ᠬᠠᠪᠰᠦᠷᠦᠨ ᠳ᠋ᠤᠭᠠᠷᠯᠠᠵᠤ ᠪᠠᠶᠢᠴᠠᠭᠠᠬᠤ᠂ ᠮᠡᠳᠡᠬᠦᠯᠦᠯᠳᠡ ᠠᠪᠬᠤ᠂ ᠡᠮ ᠠᠪᠬᠤ ᠵᠡᠷᠭᠡ ᠲᠤᠬᠠᠶᠢᠯᠠᠬᠰᠠᠨ ᠠᠵᠢᠯ ᠢ ᠬᠦᠢᠴᠡᠳᠬᠡᠨ ᠦᠭᠴᠦ ᠪᠠᠶᠢᠯ᠎ᠠ᠃    ᠨᠠᠰᠦᠳᠠᠨ ᠢᠦᠢ ᠭᠥᠸᠧ ᠡᠾᠦ᠋ᠢ᠄ ︽ᠪᠢ ᠤᠤᠯ ᠳᠠᠭᠠᠨ ᠡᠪᠡᠳᠴᠢᠨ ᠦᠵᠡᠬᠦᠯᠬᠦ ᠳᠤ ᠭᠠᠷ ᠤᠳᠠᠰᠦ ᠪᠠᠷ ᠳ᠋ᠤᠭᠠᠷᠯᠠᠵᠦ ᠴᠢᠳᠠᠬᠤ ᠦᠬᠡᠢ᠂ ᠤᠳᠠᠭ᠎ᠠ ᠪᠦᠷᠢ ᠮᠢᠨᠦ ᠬᠡᠤᠬᠡᠳ ᠤᠳ ᠴᠢᠯᠦᠬᠡ ᠭᠤᠶᠤᠵᠦ ᠨᠠᠮ᠎ᠠ ᠶᠢ ᠬᠠᠪᠰᠤᠷᠳᠠᠭ᠃ ᠤᠳᠤ ᠡᠮᠨᠡᠯᠬᠡ ᠶᠢᠨ ᠬᠤᠷᠢᠶ᠎ᠠ ᠬᠠᠨᠢ ᠪᠤᠯᠵᠦ ᠬᠠᠪᠰᠦᠷᠦᠨ ᠡᠮᠴᠢᠯᠡᠬᠦᠯᠬᠦ ᠦᠢᠯᠡᠴᠢᠯᠡᠭᠡ ᠬᠠᠨᠭ᠍ᠭᠠᠬᠤ ᠪᠤᠯᠤᠬᠰᠠᠨ ᠠᠴᠠ ᠲᠤᠩ ᠲᠦᠬᠦᠮ ᠪᠤᠯᠵᠠᠢ ︾ ᠬᠡᠵᠦ ᠶᠠᠷᠢᠵᠦ ᠪᠠᠶᠢᠯ᠎ᠠ᠃    ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ ᠬᠡᠰᠢᠬᠦᠨ᠂ ᠰᠠᠬᠢᠯᠭ᠎ᠠ ᠪᠠᠳᠦ ᠪᠠᠶᠢᠴᠠᠭᠠᠬᠤ ᠵᠦᠪᠯᠡᠯ ᠤᠨ ᠱᠦᠵᠢ ᠯᠢᠦᠢ ᠯᠢ ᠵᠢᠩ᠄ ︽ᠡᠨᠡᠬᠦ ᠦᠢᠯᠡᠴᠢᠯᠡᠭᠡ ᠶᠢᠨ ᠵᠠᠬᠪᠦᠷ ᠨᠢ ᠨᠠᠰᠦᠳᠠᠢ ᠡᠪᠡᠳᠴᠢᠳᠡᠳ ᠤᠨ ᠡᠮᠴᠢᠯᠡᠬᠦᠯᠬᠦ ᠶᠠᠪᠤᠴᠠ ᠳᠠᠬᠢ ᠪᠤᠳᠠᠳᠠᠢ ᠬᠦᠴᠢᠷᠳᠡᠯ ᠢ ᠦᠨᠡᠨᠬᠦ ᠰᠶᠢᠳᠪᠦᠷᠢᠯᠡᠵᠠᠢ᠃ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠪᠠᠰᠠ ᠡᠮᠴᠢᠯᠡᠬᠡᠨ ᠤ ᠶᠠᠪᠤᠳᠠᠯ ᠤᠨ ᠠᠵᠢᠯᠳᠠᠨ ᠢ ᠨᠠᠰᠦᠳᠠᠢ ᠡᠪᠡᠳᠴᠢᠳᠡᠳ ᠤᠯᠠᠨ ᠡᠮᠴᠢᠯᠡᠬᠦᠯᠳᠡᠭ ᠰᠠᠯᠠᠭ᠎ᠠ ᠲᠠᠰᠤᠭ ᠲᠤ ᠲᠤᠮᠢᠯᠠᠵᠦ᠂ ᠡᠪᠡᠳᠴᠢᠳᠡᠨ ᠤ ᠦᠷᠦᠬᠡ ᠪᠠᠷ ᠰᠤᠷᠪᠤᠯᠵᠢᠯᠠᠬᠤ᠂ ᠪᠠᠭ᠎ᠠ ᠲᠤᠭᠤᠶᠢᠯᠠᠩ ᠤᠨ ᠠᠵᠢᠯᠯᠠᠭ᠎ᠠ ᠦᠷᠨᠢᠬᠦᠯᠬᠦ ᠵᠡᠷᠭᠡ ᠤᠯᠠᠨ ᠬᠡᠯᠪᠡᠷᠢ ᠪᠠᠷ ᠨᠠᠰᠦᠳᠠᠢ ᠡᠪᠡᠳᠴᠢᠳᠡᠳ ᠵᠢᠴᠢ ᠬᠡᠷ ᠪᠦᠯᠢ ᠶᠢᠨ ᠬᠢᠨ ᠳᠤ ᠰᠡᠳᠬᠢᠴᠡ ᠶᠢᠨ ᠵᠢᠯᠤᠭᠤᠳᠤᠮᠵᠢ᠂ ᠠᠷᠬᠠᠭ ᠡᠪᠡᠳᠴᠢᠨ ᠤ ᠬᠠᠮᠢᠶᠠᠷᠦᠯᠳᠠ ᠵᠡᠷᠭᠡ ᠦᠢᠯᠡᠴᠢᠯᠡᠭᠡ ᠬᠠᠨᠭ᠍ᠭᠠᠵᠦ ᠪᠠᠶᠢᠨ᠎ᠠ ︾ ᠬᠡᠵᠦ ᠲᠠᠨᠢᠯᠴᠠᠭᠤᠯᠪᠠ᠃    ᠡᠬᠦᠨ ᠠᠴᠠ ᠭᠠᠳᠠᠨ᠎ᠠ᠂ ᠬᠢᠨᠭ᠍ᠭᠠᠨ ᠠᠶᠢᠮᠠᠭ ᠪᠠᠰᠠ ᠨᠠᠰᠦᠳᠠᠶᠢᠴᠤᠳ ᠤᠨ ᠡᠮᠴᠢᠯᠡᠬᠡᠨ ᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠨᠭ᠍ᠭᠠᠬᠤ ᠶᠢᠨ ᠲᠦᠯᠦᠬᠡ᠂ ᠨᠠᠰᠦᠳᠠᠶᠢᠴᠤᠳ ᠤᠨ ᠡᠪᠡᠳᠴᠢᠨ ᠤ ᠰᠠᠯᠠᠭ᠎ᠠ ᠶᠢᠨ ᠲᠤᠬᠢᠷᠠᠭᠤᠯᠤᠯᠳᠠ ᠪᠤᠯᠤᠨ ᠨᠠᠰᠦᠳᠠᠶᠢᠴᠤᠳ ᠲᠤ ᠨᠦᠬᠦᠷᠰᠡᠭ ᠡᠮᠴᠢᠯᠡᠬᠡᠨ ᠤ ᠪᠠᠶᠢᠭᠤᠯᠤᠮᠵᠢ ᠶᠢ ᠡᠬᠦᠳᠦᠨ ᠪᠠᠶᠢᠭᠤᠯᠬᠤ ᠠᠵᠢᠯ ᠢ ᠶᠡᠬᠡᠪᠡᠷ ᠠᠬᠢᠭᠤᠯᠵᠠᠢ᠃ ᠤᠳᠤᠬᠠᠨ ᠳᠤ᠂ ᠪᠦᠬᠦ ᠠᠶᠢᠮᠠᠭ ᠤᠨ ᠬᠤᠶᠠᠳᠤᠭᠠᠷ ᠲᠡᠰ ᠵᠢᠴᠢ ᠬᠤᠶᠠᠳᠤᠭᠠᠷ ᠲᠡᠰ ᠠᠴᠠ ᠲᠡᠭᠡᠭᠰᠢᠬᠢ ᠶᠡᠷᠦᠩᠭᠡᠶᠢᠯᠡᠭᠰᠡᠨ ᠴᠢᠨᠠᠷᠳᠠᠢ ᠡᠮᠨᠡᠯᠬᠡ ᠶᠢᠨ ᠬᠤᠷᠢᠶ᠎ᠠ ᠪᠦᠬᠦᠨ ᠢᠶᠠᠷ ᠢᠶᠠᠨ ᠨᠠᠰᠦᠳᠠᠶᠢᠴᠤᠳ ᠤᠨ ᠡᠪᠡᠳᠴᠢᠨ ᠤ ᠰᠠᠯᠠᠭ᠎ᠠ ᠲᠤᠬᠢᠷᠠᠭᠤᠯᠵᠦ᠂ ᠨᠠᠰᠦᠳᠠᠶᠢᠴᠤᠳ ᠲᠤ ᠨᠦᠬᠦᠷᠰᠡᠭ ᠡᠮᠴᠢᠯᠡᠬᠡᠨ ᠤ ᠪᠠᠶᠢᠭᠤᠯᠤᠮᠵᠢ ᠶᠢ ᠡᠬᠦᠳᠦᠨ ᠪᠠᠶᠢᠢᠭᠤᠯᠤᠬᠰᠠᠨ ᠨᠤᠷᠮ᠎ᠠ 88% ᠬᠦᠷᠴᠦ᠂ ᠨᠠᠰᠦᠳᠠᠶᠢᠴᠤᠳ ᠲᠤ ᠲᠤᠰᠬᠠᠢ ᠮᠡᠷᠬᠡᠵᠢᠯ ᠤᠨ ᠬᠠᠯᠠᠭᠤᠮᠰᠤᠭ ᠡᠮᠴᠢᠯᠡᠬᠡᠨ ᠤ ᠦᠢᠯᠡᠴᠢᠯᠡᠭᠡ ᠶᠢᠨ ᠲᠡᠪᠴᠡᠩ ᠬᠠᠨᠭ᠍ᠭᠠᠵᠦ ᠪᠤᠢ᠃    ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶᠠᠨ ᠤ ᠨᠠᠰᠦᠳᠠᠶᠢᠴᠤᠳ ᠤᠨ ᠡᠪᠡᠳᠴᠢᠨ ᠤ ᠰᠠᠯᠠᠭ᠎ᠠ ᠨᠢ ᠨᠢᠬᠡᠨᠳᠡ ᠤᠯᠠᠩᠬᠢ ᠨᠠᠰᠦᠳᠠᠢ ᠡᠪᠡᠳᠴᠢᠳᠡᠨ ᠤ ᠲᠦᠷᠦᠬᠦᠨ ᠰᠤᠩᠭᠤᠯᠳᠠ ᠪᠤᠯᠵᠠᠢ᠃ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠨᠠᠰᠦᠳᠠᠶᠢᠴᠤᠳ ᠤᠨ ᠡᠪᠡᠳᠴᠢᠨ ᠤ ᠰᠠᠯᠠᠭ᠎ᠠ ᠶᠢᠨ ᠡᠷᠬᠢᠯᠡᠭᠴᠢ ᠹᠧᠩ ᠶᠦᠨ᠄ ︽ᠨᠠᠰᠦᠳᠠᠶᠢᠴᠤᠳ ᠦᠷᠬᠦᠯᠵᠢ ᠤᠯᠠᠨ ᠵᠦᠢᠯ ᠤᠨ ᠠᠷᠬᠠᠭ ᠡᠪᠡᠳᠴᠢᠨ ᠳᠤ ᠨᠡᠷᠪᠡᠭᠳᠡᠵᠦ᠂ ᠡᠮᠴᠢᠯᠡᠬᠦᠯᠬᠦ ᠳᠤ ᠡᠷᠬᠡᠪᠰᠢ ᠤᠯᠠᠨ ᠰᠠᠯᠠᠭ᠎ᠠ ᠲᠠᠰᠤᠭ ᠢ ᠳ᠋ᠤᠭᠠᠷᠯᠠᠬᠤ ᠭᠡᠳ ᠮᠦᠷᠯᠡᠵᠦ᠂ ᠡᠮᠴᠢᠯᠡᠬᠦᠯᠬᠦ ᠵᠠᠷᠦᠳᠠᠯ ᠪᠠᠰᠠ ᠦᠨᠳᠦᠷ᠃ ᠨᠠᠰᠦᠳᠠᠶᠢᠴᠤᠳ ᠤᠨ ᠡᠪᠡᠳᠴᠢᠨ ᠤ ᠰᠠᠯᠠᠭ᠎ᠠ ᠨᠢ ᠤᠯᠠᠨ ᠲᠦᠷᠦᠯ ᠤᠨ ᠰᠠᠯᠠᠭ᠎ᠠ ᠲᠠᠰᠤᠭ ᠤᠨ ᠡᠬᠢ ᠪᠠᠶᠠᠯᠢᠭ ᠢ ᠨᠡᠶᠢᠳᠬᠡᠵᠦ᠂ ᠡᠪᠡᠳᠴᠢᠳᠡᠳ ᠲᠤ ᠮᠤᠩᠭᠤᠯ ᠡᠮ ᠡᠮᠨᠡᠯᠬᠡ ᠶᠢᠨ ᠶᠡᠷᠦᠩᠭᠡᠶᠢᠯᠡᠭᠰᠡᠨ ᠵᠠᠰᠠᠯᠭ᠎ᠠ ᠶᠢᠨ ᠦᠢᠯᠡᠴᠢᠯᠡᠭᠡ ᠬᠠᠨᠭ᠍ᠭᠠᠵᠦ᠂ ᠡᠮᠴᠢᠯᠡᠬᠦᠯᠬᠦ ᠵᠠᠷᠦᠳᠠᠯ ᠢ ᠨᠢ ᠪᠠᠭᠠᠰᠬᠠᠬᠰᠠᠨ ᠢᠶᠠᠷ ᠪᠠᠷᠠᠬᠤ ᠦᠬᠡᠢ ᠪᠠᠰᠠ ᠤᠨᠤᠰᠢᠯᠠᠨ ᠵᠠᠰᠠᠬᠤ ᠦᠷ᠎ᠡ ᠠᠰᠢᠭ ᠢ ᠴᠤ ᠪᠦᠳᠦᠮᠵᠢᠳᠡᠢ ᠲᠡᠭᠡᠭᠰᠢᠯᠡᠬᠦᠯᠵᠦ ᠴᠢᠳᠠᠪᠠ ︾ ᠬᠡᠵᠦ ᠶᠠᠷᠢᠵᠦ ᠪᠠᠶᠢᠯ᠎ᠠ᠃    ᠡᠨᠡ ᠵᠢᠯ 65 ᠨᠠᠰᠦᠳᠠᠢ ᠶᠢᠨ ᠱᠦ ᠪᠤᠯ ᠨᠠᠰᠦᠳᠠᠶᠢᠴᠤᠳ ᠤᠨ ᠡᠪᠡᠳᠴᠢᠨ ᠤ ᠰᠠᠯᠠᠭ᠎ᠠ ᠪᠠᠶᠢᠭᠤᠯᠤᠬᠳᠠᠬᠰᠠᠨ ᠤ ᠲᠠᠷᠠᠭᠠᠬᠢ ᠠᠰᠢᠭ ᠬᠦᠷᠳᠡᠭᠰᠡᠳ ᠤᠨ ᠨᠢᠬᠡ ᠪᠤᠯᠤᠨ᠎ᠠ᠂ ᠲᠡᠷᠡ ᠴᠢᠰᠦᠨ ᠲᠠᠷᠦᠯᠳᠠ ᠦᠨᠳᠦᠷ᠂ ᠬᠦᠡᠭᠬᠡᠨ ᠲᠠᠷᠢᠬᠢᠨ ᠰᠤᠳᠠᠯ ᠤᠨ ᠲᠦᠭᠵᠢᠷᠡᠯ ᠵᠡᠷᠭᠡ ᠤᠯᠠᠨ ᠡᠪᠡᠳᠴᠢᠨ ᠲᠠᠢ ᠪᠦᠭᠡᠳ ᠨᠢᠬᠡ ᠭᠠᠷᠠᠭ ᠤᠨ ᠡᠮᠦᠨ᠎ᠡ ᠬᠦᠬᠡ ᠬᠡᠯᠪᠡᠷᠢ ᠶᠢᠨ ᠲᠠᠬᠰᠢᠭᠤᠷ ᠲᠤ ᠨᠡᠷᠪᠡᠭᠳᠡᠵᠡᠢ᠃ ᠲᠡᠷᠡ᠄ ︽ᠪᠢ ᠤᠤᠯ ᠳᠠᠭᠠᠨ ᠡᠮᠨᠡᠯᠬᠡ ᠶᠢᠨ ᠬᠤᠷᠢᠶᠠᠨ ᠳᠤ ᠢᠷᠡᠪᠡᠯ ᠬᠡᠳᠦᠨ ᠰᠠᠯᠠᠭ᠎ᠠ ᠲᠠᠰᠤᠭ ᠢ ᠳ᠋ᠤᠭᠠᠷᠯᠠᠳᠠᠭ᠃ ᠤᠳᠤ ᠨᠠᠰᠦᠳᠠᠶᠢᠴᠤᠳ ᠤᠨ ᠡᠪᠡᠳᠴᠢᠨ ᠤ ᠰᠠᠯᠠᠭ᠎ᠠ ᠳᠤ ᠨᠢᠬᠡ ᠦᠷᠳᠡᠭᠡ ᠶᠢᠨ ᠮᠠᠶ᠋ᠢᠭ ᠢᠶᠠᠷ ᠤᠯᠠᠨ ᠠᠰᠠᠭᠤᠳᠠᠯ ᠢ ᠰᠶᠢᠳᠪᠦᠷᠢᠯᠡᠴᠢᠬᠡᠨ᠎ᠡ᠃ ᠤᠳᠤ ᠮᠢᠨᠦ ᠪᠡᠶ᠎ᠡ ᠶᠡᠭᠡ ᠰᠠᠶᠢᠨ ᠲᠡᠩᠭᠡᠷᠡᠵᠡᠢ ︾ ᠬᠡᠵᠦ ᠪᠠᠶᠠᠷᠳᠠᠶᠢᠬᠠᠨ ᠶᠠᠷᠢᠵᠦ ᠪᠠᠶᠢᠪᠠ᠃    ᠬᠢᠨᠭ᠍ᠭᠠᠨ ᠠᠶᠢᠮᠠᠭ ᠤᠨ ᠨᠠᠰᠦᠳᠠᠶᠢᠴᠤᠳ ᠲᠤ ᠲᠤᠬᠢᠷᠠᠬᠰᠠᠨ ᠡᠮᠴᠢᠯᠡᠬᠡᠨ ᠤ ᠦᠢᠯᠡᠴᠢᠯᠡᠭᠡ ᠨᠢ ᠨᠠᠰᠦᠳᠠᠶᠢᠴᠤᠳ ᠤᠨ ᠡᠮᠴᠢᠯᠡᠬᠡᠨ ᠤ ᠱᠠᠭᠠᠷᠳᠠᠯᠭ᠎ᠠ ᠳᠤ ᠢᠳᠡᠪᠬᠢᠳᠡᠢ ᠬᠠᠷᠢᠭᠤ ᠲᠤᠰᠬᠠᠬᠤ᠂ ᠨᠢᠬᠡ ᠦᠷᠳᠡᠭᠡ ᠮᠠᠶ᠋ᠢᠭ ᠤᠨ ᠬᠠᠨᠢ ᠪᠤᠯᠵᠦ ᠬᠠᠪᠰᠦᠷᠦᠨ ᠡᠮᠴᠢᠯᠡᠬᠦᠯᠬᠦ ᠦᠢᠯᠡᠴᠢᠯᠡᠭᠡ ᠪᠠ ᠨᠠᠰᠦᠳᠠᠶᠢᠴᠤᠳ ᠤᠨ ᠡᠪᠡᠳᠴᠢᠨ ᠤ ᠰᠠᠯᠠᠭ᠎ᠠ ᠶᠢᠨ ᠪᠠᠶᠢᠭᠤᠯᠤᠯᠳᠠ ᠪᠠᠷ ᠲᠠᠮᠵᠢᠭᠤᠯᠤᠨ᠂ ᠨᠠᠰᠦᠳᠠᠶᠢᠴᠤᠳ ᠲᠤ ᠦᠨᠡᠨᠬᠦ ᠠᠰᠢᠭ ᠬᠦᠷᠳᠡᠬᠡᠵᠦ ᠪᠤᠢ᠃
 
ᠢᠷᠡᠯᠲᠡ᠄ ᠤᠯᠠᠭᠠᠨᠬᠤᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号